ᠬᠥᠨᠳᠡᠯᠡᠨ ᠲᠣᠭᠤᠷᠢᠭ ᠭᠤᠷᠪᠠᠨ ᠶᠡᠭᠡ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠰᠠᠶᠢᠲᠤᠷ ᠬᠢᠵᠤ ᠪᠤᠢ
ᠨᠡᠶᠢᠲᠡᠯᠡᠭᠰᠡᠨ ᠴᠠᠭ᠄
2025/1/10
    9 ᠶᠡᠭᠡ ᠲᠥᠷᠥᠯ 40 ᠵᠦᠶᠯ ᠤᠨ ᠣᠷᠴᠢᠨ ᠲᠣᠭᠤᠷᠢᠨ ᠤ ᠪᠣᠬᠢᠷᠲᠤᠯ ᠢ ᠶᠡᠷᠦᠩᠬᠡᠶᠢᠯᠡᠨ ᠵᠠᠰᠠᠬᠤ ᠠᠵᠢᠯ ᠢ ᠭᠦᠨᠵᠡᠭᠡᠶ ᠬᠡᠷᠡᠭᠵᠢᠭᠦᠯᠵᠦ᠂ ᠣᠷᠣᠨ ᠪᠦᠰᠡ ᠶᠢᠨ ᠠᠮᠢ ᠠᠬᠤᠶ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠪᠠ ᠠᠵᠤ ᠠᠬᠤᠶ ᠨᠡᠶᠢᠭᠡᠮ ᠤᠨ ᠪᠣᠬᠢᠷᠲᠤᠯ ᠥᠬᠡᠶ ᠬᠥᠭᠵᠢᠯᠲᠡ ᠶᠢ ᠪᠦᠲᠦᠮᠵᠢᠲᠡᠶ ᠠᠬᠢᠭᠤᠯᠪᠠ᠃ ᠨᠢᠭᠡ ᠳᠤ᠂ ᠬᠥᠬᠡ ᠣᠭᠲᠠᠷᠭᠤᠶ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠵᠦ᠂ ᠪᠤᠭᠤᠲᠤ ᠶᠢᠨ ᠪᠣᠯᠣᠳ ᠲᠡᠮᠦᠷ ᠤᠨ ᠨᠡᠭᠦᠷᠡᠰᠦ ᠬᠡᠤᠷᠰᠦ ᠶᠢᠨ ᠬᠢᠮᠢ ᠶᠢᠨ ᠠᠵᠤ ᠦᠶᠯᠡᠳᠪᠦᠷᠢ ᠶᠢᠨ ᠬᠤᠪᠢᠶᠠᠷᠢ ᠺᠣᠮᠫᠠᠨᠢ ᠶᠢᠨ ᠬᠡᠦᠳᠡᠰᠦ ᠶᠢ ᠬᠤᠤᠷ ᠥᠬᠡᠶᠢᠳᠡᠭᠦᠯᠬᠦ ᠪᠥᠲᠥᠭᠡᠨ ᠪᠠᠶᠢᠭᠤᠯᠤᠯᠲᠠ᠂ ᠤᠮᠠᠷᠠᠲᠤ ᠶᠢᠨ ᠬᠤᠪᠣᠷ ᠰᠢᠷᠣᠶ ᠶᠢᠨ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠴᠠᠭᠠᠲᠦ ᠬᠢᠵᠠᠭᠠᠷᠲᠤ ᠺᠣᠮᠫᠠᠨᠢ ᠶᠢᠨ 5# ᠨᠥᠭᠡᠴᠡᠯᠡᠬᠦ ᠬᠥᠮᠥᠷᠭᠡ ᠶᠢᠨ ᠪᠥᠲᠥᠭᠡᠨ ᠪᠠᠶᠢᠭᠤᠯᠤᠯᠲᠠ ᠵᠡᠷᠭᠡ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ 5 ᠲᠥᠷᠥᠯ ᠵᠦᠶᠯ ᠢ ᠠᠬᠢᠭᠤᠯᠵᠤ᠂ 145 ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠣᠨ ᠤ ᠪᠠᠴᠢᠮ ᠪᠠᠶᠢᠳᠠᠯ ᠢ ᠠᠷᠭᠠᠴᠠᠭᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ ᠲᠠᠩᠰᠠ ᠳᠤ ᠵᠠᠰᠠᠪᠤᠷᠢ ᠣᠷᠣᠭᠤᠯᠵᠤ᠂ ᠬᠦᠨᠳᠦ ᠪᠣᠬᠢᠷᠲᠤᠯ ᠲᠠᠢ ᠴᠠᠭ ᠠᠭᠤᠷ ᠢ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠰᠠᠶᠢᠲᠤᠷ ᠬᠢᠪᠠ᠃ ᠬᠤᠶᠠᠷ ᠲᠤ᠂ ᠴᠡᠩᠭᠡᠭ ᠤᠰᠤ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠵᠦ᠂ ᠬᠤᠸᠠ ᠮᠧᠶ ᠺᠣᠮᠫᠠᠨᠢ ᠶᠢᠨ ᠬᠤᠪᠣᠷ ᠰᠢᠷᠣᠶ ᠶᠢᠨ ᠬᠠᠶᠠᠭᠳᠠᠮᠠᠯ ᠤᠰᠤ ᠴᠤᠬᠤᠢ ᠶᠢ ᠰᠢᠩᠭᠡᠭᠡᠬᠦ ᠥᠭᠡᠷᠡᠴᠢᠯᠡᠯᠲᠡ ᠶᠢᠨ ᠲᠥᠷᠥᠯ ᠵᠦᠶᠯ ᠪᠠ ᠤᠮᠠᠷᠠᠲᠤ ᠶᠢᠨ ᠬᠤᠪᠣᠷ ᠰᠢᠷᠣᠶ ᠶᠢᠨ ᠳᠡᠭᠡᠳᠦ ᠮᠡᠷᠬᠡᠵᠢᠯ ᠤᠨ ᠬᠦᠬᠦᠷ ᠬᠦᠴᠢᠯ ᠤᠨ ᠮᠠᠭᠨᠢ ᠶᠢᠨ ᠬᠠᠶᠠᠭᠳᠠᠮᠠᠯ ᠤᠰᠤ ᠶᠢ ᠰᠢᠶᠳᠪᠦᠷᠢᠯᠡᠬᠦ᠂ ᠬᠤᠪᠣᠷ ᠰᠢᠷᠣᠶ ᠶᠢᠨ ᠾᠯᠣᠷᠲᠤ ᠠᠮᠮᠣᠨᠢ ᠶᠢᠨ ᠬᠠᠶᠠᠭᠳᠠᠮᠠᠯ ᠤᠰᠤ ᠶᠢ ᠰᠢᠶᠳᠪᠦᠷᠢᠯᠡᠬᠦ 2 ᠲᠥᠷᠥᠯ ᠵᠦᠶᠯ ᠤᠨ ᠣᠨ ᠤ ᠡᠭᠦᠷᠭᠡ ᠶᠢ ᠪᠡᠶᠡᠯᠡᠭᠦᠯᠪᠠ︔ ᠲᠡᠮᠳᠡᠭ ᠫᠠᠶᠢᠰᠠ ᠲᠠᠯᠪᠢᠬᠰᠠᠨ ᠪᠦᠬᠡᠳ ᠲᠤᠬᠠᠶ ᠶᠢᠨ ᠲᠠᠯᠠᠪᠠᠶ ᠳᠤ ᠬᠥᠨᠳᠡᠯᠡᠨ ᠲᠣᠭᠤᠷᠢᠭ ᠤᠨ ᠴᠢᠩ ᠱᠦᠶ ᡂᠢ ᠵᠡᠷᠭᠡ 3 ᠬᠤᠲᠠ ᠶᠢᠨ ᠲᠠᠰ ᠤᠨ ᠪᠠ ᠡᠮᠦᠨ᠎ᠡ ᠫᠠᠢ ᠲᠣᠰᠬᠤᠨ ᠵᠡᠷᠭᠡ ᠬᠥᠳᠡᠭᠡ ᠲᠣᠰᠬᠤᠨ ᠤ ᠲᠠᠰ ᠤᠨ ᠤᠤᠭᠤᠬᠤ ᠤᠰᠤᠨ ᠤ 6ᠤᠰᠤᠨ ᠤ ᠰᠤᠷᠪᠤᠯᠵᠢ ᠶᠢᠨ ᠭᠠᠵᠠᠷ ᠢ ᠬᠠᠷᠭᠤᠭᠤᠯᠤᠨ ᠪᠠᠶᠢᠴᠠᠭᠠᠵᠤ᠂ ᠶᠡᠭᠡ ᠵᠢᠰᠠ ᠶᠢᠨ ᠭᠠᠵᠠᠷ ᠲᠤᠰᠬᠤᠨ᠂ ᠰᠢᠨ ᠭᠤᠸᠠᠩ ᠵᠢᠶᠠ ᠶᠤᠸᠠᠨ ᠵᠡᠷᠬᠡ ᠤᠤᠭᠤᠬᠤ ᠤᠰᠤᠨ ᠤ 2 ᠤᠰᠤᠨ ᠰᠤᠷᠪᠤᠯᠵᠢ ᠶᠢᠨ ᠭᠠᠵᠠᠷ ᠢ ᠬᠤᠪᠢᠶᠠᠷᠢᠯᠠᠬᠤ ᠠᠵᠢᠯ ᠢ ᠨᠠᠶᠢᠷᠠᠭᠤᠯᠤᠨ ᠵᠣᠬᠢᠶᠠᠪᠠ᠃ ᠭᠤᠷᠪᠠ ᠳᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠵᠦ᠂ ᠬᠡᠷᠡᠮ ᠲᠣᠰᠬᠤᠨ ᠤ 850 ᠡᠷᠦᠬᠡ ᠰᠠᠭᠤᠭᠠᠯᠢ ᠠᠷᠠᠳ ᠤᠨ ᠮᠠᠯᠵᠢᠬᠤ ᠲᠠᠷᠢᠶᠠᠯᠠᠬᠤ ᠣᠷᠣᠨ ᠤ ᠪᠣᠬᠢᠷ ᠤᠰᠤ ᠶᠢ ᠵᠠᠰᠠᠬᠤ ᠡᠭᠦᠷᠭᠡ ᠶᠢ ᠤᠷᠢᠳᠴᠢᠯᠠᠨ ᠪᠡᠶᠡᠯᠡᠭᠦᠯᠪᠠ︔ ᠬᠤᠸᠠ ᠮᠧᠶ᠂ ᠯᠦᠩ ᠰᠢᠶᠠᠩ ᠵᠡᠷᠭᠡ 3 ᠠᠵᠤ ᠠᠬᠤᠶᠢᠯᠠᠯ ᠢ ᠱᠠᠯᠠᠪᠳᠠᠭᠤᠯᠵᠤ ᠬᠥᠷᠥᠰᠥ ᠰᠢᠷᠣᠶ ᠶᠢᠨ ᠪᠠᠶᠢᠴᠠᠭᠠᠯᠲᠠ ᠪᠠ ᠬᠡᠰᠡᠭ ᠭᠠᠵᠠᠷ ᠢ ᠬᠢᠨᠠᠨ ᠲᠣᠭᠲᠠᠭᠠᠬᠤ ᠠᠵᠢᠯ ᠢ ᠪᠡᠶᠡᠯᠡᠬᠦᠯᠪᠡ︔ ᠪᠤᠭᠤᠲᠤ ᠶᠢᠨ ᠪᠣᠯᠣᠳ ᠲᠡᠮᠦᠷ ᠤᠨ ᠨᠡᠬᠦᠷᠡᠰᠦ ᠬᠡᠦᠷᠰᠦ ᠶᠢᠨ ᠬᠢᠮᠢ ᠶᠢᠨ ᠠᠵᠤ ᠦᠢᠯᠡᠳᠪᠦᠷᠢ ᠵᠡᠷᠭᠡ ᠬᠥᠷᠥᠰᠥ ᠰᠢᠷᠣᠶ ᠶᠢᠨ ᠭᠤᠣᠯᠳᠠᠯᠭ᠎ᠠ ᠲᠠᠢ ᠬᠢᠨᠠᠨ ᠬᠠᠮᠢᠶᠠᠷᠬᠤ 9 ᠠᠵᠤ ᠠᠬᠤᠶᠢᠯᠠᠯ ᠪᠣᠯᠤᠨ ᠴᠢᠩ ᠺᠦᠨ ᠬᠤᠭ ᠨᠣᠪᠰᠢ ᠪᠤᠯᠠᠬᠤ ᠲᠠᠯᠠᠪᠠᠶ ᠵᠡᠷᠭᠡ ᠭᠠᠵᠠᠷ ᠳᠣᠣᠷᠠᠬᠢ ᠤᠰᠤᠨ ᠤ ᠭᠤᠣᠯᠳᠠᠯᠭ᠎ᠠ ᠲᠠᠢ ᠬᠢᠨᠠᠨ ᠬᠠᠮᠢᠶᠠᠷᠬᠤ 3 ᠠᠵᠤ ᠠᠬᠤᠶᠢᠯᠠᠯ ᠢ ᠱᠠᠯᠠᠪᠳᠠᠭᠤᠯᠵᠤ ᠥᠪᠡᠷ ᠲᠡᠭᠡᠨ ᠬᠢᠨᠠᠨ ᠬᠡᠮᠵᠢᠬᠦ ᠪᠠ ᠭᠡᠮ ᠰᠤᠭᠤᠭ ᠢ ᠵᠢᠭᠰᠠᠭᠠᠨ ᠪᠠᠶᠢᠴᠠᠭᠠᠬᠤ ᠠᠵᠢᠯ ᠢ ᠪᠡᠶᠡᠯᠡᠭᠦᠯᠪᠠ︔ ᠲᠤᠬᠠᠶ ᠶᠢᠨ ᠲᠠᠯᠠᠪᠠᠶ ᠳᠤ ᠺᠦᠨᠪᠸᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ 34 ᠨᠤᠮᠧᠷᠲᠦ ᠵᠡᠷᠭᠡ 7 ᠬᠡᠰᠡᠭ ᠭᠠᠵᠠᠷ ᠤᠨ ᠬᠥᠷᠥᠰᠥ ᠶᠢ ᠬᠠᠷᠭᠤᠭᠤᠯᠤᠨ ᠪᠠᠶᠢᠴᠠᠭᠠᠵᠤ᠂ ᠴᠥᠮ ᠲᠤᠰᠬᠠᠶ ᠮᠡᠷᠭᠡᠵᠢᠯᠲᠡᠨ ᠤ ᠬᠢᠨᠠᠨ ᠲᠣᠭᠲᠠᠭᠠᠯᠲᠠ  ᠳᠤ ᠬᠢᠷᠢ ᠲᠡᠩᠴᠡᠪᠠ᠃ ︵ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号