1 ᠰᠠᠷ᠎ᠠ ᠶᠢᠨ 8 ᠤ ᠡᠳᠦᠷ᠂ ᠬᠥᠨᠳᠡᠯᠡᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠬᠤ᠋ ᠴᠢᠶᠠᠩ᠂ | ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠢᠦᠢ ᠵᠠᠨ ᠵᠢᠶᠠᠩ ᠨᠠᠷ | ᠪᠤᠭᠤᠲᠤ ᠶᠢᠨ ᠪᠤᠯᠤᠳ ᠲᠡᠮᠦᠷ ᠤᠨ ︵ᠪᠦᠯᠦᠭᠯᠡᠯ︶ ᠺᠣᠮᠫᠠᠨᠢ ᠳᠤ ᠬᠦᠷᠴᠦ ᠠᠶᠢᠯᠴᠢᠯᠠᠨ ᠰᠤᠷᠪᠤᠯᠵᠢᠯᠠᠵᠤ᠂ ᠪᠤᠭᠤᠲᠤ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠦᠯᠦᠭᠯᠡᠯᠲᠦ ᠺᠣᠮᠫᠠᠨᠢ ᠶᠢᠨ ᠨᠠᠮ ᠤᠨ ᠬᠤᠷᠢᠶᠠᠨ ᠤ | ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠮᠧᠩ ᠹᠠᠨ ᠶᠢᠩ ᠲᠠᠢ ᠶᠠᠷᠢᠯᠴᠠᠪᠠ᠃ | | ᠮᠧᠩ ᠹᠠᠨ ᠶᠢᠩ ᠶᠠᠭᠤᠨ ᠤ ᠡᠮᠦᠨ᠎ᠡ ᠬᠤ᠋ ᠴᠢᠶᠠᠩ᠂ ᠢᠦᠢ ᠵᠠᠨ ᠵᠢᠶᠠᠩ ᠨᠠᠷ ᠤᠨ ᠪᠤᠭᠤᠲᠤ ᠶᠢᠨ ᠪᠤᠯᠤᠳ | ᠲᠡᠮᠦᠷ ᠤᠨ ︵ᠪᠦᠯᠦᠭᠯᠡᠯ︶ ᠺᠣᠮᠫᠠᠨᠢ ᠳᠤ ᠠᠶᠢᠯᠴᠢᠯᠠᠬᠤ ᠪᠠᠷ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ | ᠢᠯᠡᠳᠬᠡᠵᠦ᠂ ᠬᠥᠨᠳᠡᠯᠡᠨ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ | ᠪᠤᠭᠤᠲᠤ ᠶᠢᠨ ᠪᠤᠯᠤᠳ ᠲᠡᠮᠦᠷ ᠤᠨ ᠪᠦᠯᠦᠭᠯᠡᠯ ᠳᠤ ᠢᠮᠠᠭᠲᠠ ᠬᠠᠯᠠᠮᠵᠢᠯᠠᠯ ᠪᠠ ᠬᠠᠪᠰᠤᠷᠤᠯᠭ᠎ᠠ ᠦᠵᠡᠭᠦᠯᠦᠭᠰᠡᠭᠡᠷ | ᠢᠷᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠪᠤᠭᠤᠲᠦ ᠶᠢᠨ ᠪᠤᠯᠤᠳ ᠲᠡᠮᠦᠷ | ᠪᠠᠶᠢᠭᠤᠯᠤᠭᠳᠠᠭᠰᠠᠨ ᠠᠴᠠ ᠪᠠᠨ ᠨᠠᠭᠠᠰᠢ᠂ ᠪᠤᠭᠤᠲᠤ ᠶᠢᠨ ᠪᠤᠯᠤᠳ ᠲᠡᠮᠤᠷ ᠤᠨ ᠪᠦᠯᠦᠭᠯᠡᠯ ᠤᠨ ᠪᠠᠶᠢᠭᠤᠯᠤᠯᠲᠠ | ᠪᠣᠯᠤᠨ ᠬᠥᠭᠵᠢᠯᠲᠡ ᠡᠯ᠎ᠡ ᠱᠠᠲᠤᠨ ᠤ ᠨᠠᠮ ᠤᠨ ᠬᠤᠷᠢᠶ᠎ᠡ᠂ ᠵᠠᠰᠠᠭ ᠤᠨ ᠣᠷᠳᠣᠨ ᠤ ᠬᠦᠴᠦᠲᠡᠢ ᠳᠡᠮᠵᠢᠯᠭᠡ ᠶᠢ | ᠤᠯᠤᠭᠰᠠᠭᠠᠷ ᠢᠷᠡᠪᠡ᠃ ᠪᠤᠭᠤᠲᠤ ᠶᠢᠨ ᠪᠤᠯᠤᠳ ᠲᠡᠮᠤᠷ ᠤᠨ ᠪᠦᠯᠦᠭᠯᠡᠯ ᠤᠨ ᠬᠢᠨ ᠤᠯᠤᠰ ᠤᠨ ᠥᠮᠴᠢᠯᠡᠯ ᠤᠨ | ᠠᠵᠤ ᠠᠬᠤᠶᠢᠯᠠᠯ ᠤᠨ ᠡᠭᠦᠷᠭᠡ ᠬᠠᠷᠢᠭᠤᠴᠠᠯᠭ᠎ᠠ ᠪᠠᠨ ᠭᠦᠨᠵᠡᠭᠡᠢ ᠦᠢᠯᠡᠳᠦᠯᠭᠡᠵᠢᠭᠦᠯᠵᠦ᠂ ᠠᠵᠤ ᠦᠢᠯᠡᠰ ᠤᠨ | ᠬᠥᠭᠵᠢᠯᠲᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠶᠡᠭᠡ ᠲᠠᠯ᠎ᠠ ᠳᠤ ᠠᠭᠤᠰᠤᠯᠴᠠᠵᠤ᠂ ᠪᠤᠭᠤᠲᠤ ᠶᠢᠨ ᠪᠤᠯᠤᠳ ᠲᠡᠮᠤᠷ ᠤᠨ ᠬᠦᠴᠦᠨ ᠴᠢᠳᠠᠯ ᠢ | ᠲᠠᠰᠤᠷᠠᠯᠳᠠ ᠦᠭᠡᠢ ᠬᠠᠨᠳᠢᠪᠯᠠᠪᠠ᠃ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭᠠᠨ ᠤ ᠬᠦᠷᠢᠶ᠎ᠡ ᠴᠠᠷᠠᠭ᠎ᠠ ᠪᠠᠨ | ᠴᠢᠨᠠᠭᠰᠢᠳᠠ ᠥᠷᠭᠡᠳᠬᠡᠵᠦ᠂ ᠰᠣᠯᠢᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠰᠢᠨ᠎ᠡ ᠶᠢ ᠡᠭᠦᠳᠬᠦ ᠨᠡᠮᠡᠭᠳᠡᠯ ᠤᠨ | ᠳᠠᠯᠳᠠ ᠬᠦᠴᠦᠨ ᠢ ᠬᠠᠮᠲᠤ ᠪᠠᠷ ᠠᠭᠤᠳᠠᠯᠵᠤ᠂ ᠠᠵᠤ ᠦᠶᠯᠡᠰ ᠤᠨ ᠬᠦᠷᠢᠶᠡᠯᠡᠩ ᠲᠣᠭᠤᠷᠢᠭ ᠤᠨ ᠪᠥᠲᠥᠭᠡᠨ | ᠪᠠᠶᠢᠭᠤᠯᠤᠯᠲᠠ ᠪᠣᠯᠤᠨ ᠬᠠᠮᠢᠶ᠎ᠠ ᠪᠥᠬᠦᠶ ᠠᠵᠤ ᠦᠶᠯᠡᠰ ᠤᠨ ᠬᠡᠯᠬᠢᠶ᠎ᠡ ᠶᠢ ᠤᠷᠲᠤᠳᠬᠠᠨ ᠰᠢᠯᠢᠳᠡᠭᠵᠢᠭᠦᠯᠦᠨ ᠲᠠᠰ | ᠳᠡᠪᠰᠢᠭᠦᠯᠬᠦ ᠶᠢ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠠᠮᠢᠵᠢᠷᠠᠯ ᠤᠨ ᠬᠦᠴᠦᠨ ᠢ | ᠪᠠᠳᠠᠷᠠᠭᠤᠯᠵᠤ᠂ ᠠᠵᠤ ᠠᠬᠤᠶᠢᠯᠠᠯ ᠣᠷᠣᠨ ᠨᠤᠲᠤᠭ ᠤᠨ ᠠᠭᠤᠰᠤᠯᠴᠠᠨ ᠬᠥᠭᠵᠢᠬᠦ ᠰᠢᠨ᠎ᠡ ᠪᠠᠶᠢᠳᠠᠯ ᠢ ᠡᠭᠦᠳᠬᠦ ᠶᠢ | ᠬᠦᠰᠡᠵᠦ ᠪᠠᠶᠢᠨ᠎ᠠ ᠭᠡᠪᠠ᠃ | ᠬᠤ᠋ ᠴᠢᠶᠠᠩ ᠲᠤᠭᠤᠷᠢᠭ ᠤᠨ ᠨᠠᠮ ᠤᠨ ᠬᠤᠷᠢᠶ᠎ᠡ᠂ ᠲᠤᠭᠤᠷᠢᠭ ᠤᠨ ᠵᠠᠰᠠᠭ ᠤᠨ ᠣᠷᠳᠣᠨ ᠢ ᠲᠥᠯᠥᠭᠡᠯᠡᠨ | ᠪᠤᠭᠤᠳ ᠶᠢᠨ ᠪᠤᠯᠤᠳ ᠲᠡᠮᠦᠷ ᠤᠨ ︵ᠪᠦᠯᠦᠭᠯᠡᠯ︶ ᠺᠣᠮᠫᠠᠨᠢ ᠶᠢᠨ ᠬᠢᠨ ᠬᠥᠨᠳᠡᠯᠡᠨ ᠲᠣᠭᠤᠷᠢᠭ ᠤᠨ ᠠᠵᠤ ᠠᠬᠤᠢ | ᠨᠡᠶᠢᠭᠡᠮ ᠤᠨ ᠬᠥᠭᠵᠢᠯᠲᠡ ᠳᠤ ᠳᠤᠪᠤᠶᠢᠮ᠎ᠠ ᠬᠤᠪᠢ ᠨᠡᠮᠡᠷᠢ ᠦᠵᠡᠭᠦᠯᠦᠭᠰᠡᠭᠡᠷ ᠢᠷᠡᠭᠰᠡᠨ ᠳᠤ ᠲᠠᠯᠠᠷᠬᠠᠵᠤ | ᠪᠠᠶᠢᠬᠤ ᠪᠠᠨ ᠢᠯᠡᠳᠬᠡᠪᠡ᠃ ᠲᠡᠷᠡ᠂ ᠪᠤᠭᠤᠲᠤ ᠶᠢᠨ ᠪᠤᠯᠤᠳ ᠲᠡᠮᠦᠷ ᠤᠨ ᠪᠦᠯᠦᠭᠯᠡᠯ ᠪᠣᠯ ᠬᠥᠨᠳᠡᠯᠡᠨ | ᠲᠣᠭᠤᠷᠢᠭ ᠤᠨ ᠠᠵᠤ ᠦᠢᠯᠡᠳᠪᠦᠷᠢ ᠶᠢᠨ ᠬᠥᠭᠵᠢᠯᠲᠡ ᠶᠢᠨ ᠰᠠᠭᠤᠷᠢ ᠪᠣᠯᠤᠨ᠎ᠠ᠂ ᠤᠯᠠᠨ ᠵᠢᠯ ᠤᠨ ᠲᠤᠷᠰᠢ ᠣᠷᠣᠨ | ᠨᠤᠲᠤᠭ ᠪᠠ ᠠᠵᠤ ᠠᠬᠤᠶᠢᠯᠠᠯ ᠬᠠᠮᠵᠢᠯᠴᠠᠨ ᠬᠥᠭᠵᠢᠵᠦ᠂ ᠦᠷ᠎ᠡ ᠪᠦᠲᠦᠭᠡᠯ ᠨᠢ ᠪᠦᠬᠦ ᠲᠤᠭᠤᠷᠢᠭ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠠᠰᠢᠭ ᠬᠦᠷᠲᠡᠭᠡᠪᠡ᠃ ᠣᠳᠣᠬᠠᠨ ᠳᠤ ᠬᠥᠨᠳᠡᠯᠡᠨ ᠲᠣᠭᠤᠷᠢᠭ | ᠶᠠᠭ ᠶᠡᠷᠦᠩᠬᠡᠶ ᠱᠦᠵᠢ ᠰᠢ ᠶᠢᠨ ᠫᠢᠩ ᠤᠨ ᠪᠤᠭᠤᠲᠤ ᠳᠤ ᠵᠢᠭᠠᠪᠤᠷᠢᠯᠠᠬᠰᠠᠨ ︽ᠨᠢᠭᠡ ᠰᠢᠨ᠎ᠡ ᠶᠢ ᠡᠭᠦᠳᠴᠦ᠂ | ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠦᠨᠡᠨᠴᠢ ᠰᠢᠳᠤᠷᠭᠤ ᠪᠠᠷ ᠦᠶᠯᠡᠳᠦᠯᠭᠡᠵᠢᠭᠦᠯᠵᠦ᠂ ᠪᠥᠬᠦ | ᠲᠤᠭᠤᠷᠢᠭ ᠪᠠ ᠨᠡᠭᠡᠭᠡᠯᠲᠡ ᠶᠢᠨ ᠲᠣᠭᠤᠷᠢᠭ ᠤᠨ ᠠᠵᠤ ᠦᠶᠯᠡᠳᠪᠦᠷᠢ ᠶᠢᠨ ᠦᠶᠯᠡᠳᠬᠦᠨ ᠤ ᠥᠷᠲᠡᠭ ᠢ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠲᠠᠢ ᠬᠠᠷᠢᠴᠠᠭᠤᠯᠪᠠᠯ ᠳᠠᠬᠢᠨ ᠢᠶᠠᠷ ᠨᠡᠮᠡᠭᠳᠡᠭᠦᠯᠬᠦ ᠶᠢ ᠴᠢᠷᠮᠠᠶᠢᠨ | ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠡᠭᠦᠯ ᠬᠤᠷᠢᠶᠠᠬᠤ ᠵᠢᠯ ᠳᠤ ᠲᠠᠪᠤᠨ ᠵᠢᠯ ᠳᠤ ᠨᠢᠬᠡᠨ | ︽ᠠᠵᠤ ᠦᠶᠯᠡᠳᠪᠦᠷᠢ ᠶᠢᠨ ᠰᠢᠨ᠎ᠡ ᠬᠥᠨᠳᠡᠯᠡᠨ ᠲᠣᠭᠤᠷᠢᠭ︾ ᠢ ᠪᠠᠶᠢᠭᠤᠯᠬᠤ ᠪᠠ ᠠᠩᠬᠠᠳᠠᠬᠴᠢ ᠮᠢᠩᠭᠠᠨ | ᠳ᠋ᠦᠩᠰᠢᠭᠤᠷ ᠲᠠᠰ ᠤᠨ ᠨᠡᠭᠡᠭᠡᠯᠲᠡ ᠶᠢᠨ ᠲᠤᠭᠤᠷᠢᠭ ᠢ ᠪᠠᠶᠢᠭᠤᠯᠬᠤ ᠬᠠᠷᠠᠯᠲᠠ ᠶᠢ ᠪᠡᠶᠡᠯᠡᠭᠦᠯᠬᠦ ᠪᠠᠷ ᠴᠢᠷᠮᠠᠶᠢᠵᠤ | ᠪᠠᠶᠢᠨ᠎ᠠ᠃ ᠪᠤᠭᠤᠲᠤ ᠶᠢᠨ ᠪᠣᠯᠣᠳ ᠲᠡᠮᠦᠷ ᠤᠨ ︵ᠪᠦᠯᠦᠭᠯᠡᠯ︶ ᠤᠨ ᠺᠣᠮᠫᠠᠨᠢ ᠥᠩᠭᠡᠷᠡᠭᠰᠡᠨ ᠲᠠᠢ ᠪᠠᠨ ᠠᠳᠠᠯᠢ ᠪᠠᠷ | ᠬᠥᠨᠳᠡᠯᠡᠨ ᠲᠣᠭᠤᠷᠢᠭ ᠤᠨ ᠬᠥᠭᠵᠢᠯᠲᠡ ᠶᠢ ᠬᠠᠯᠠᠮᠵᠢᠯᠠᠨ ᠠᠩᠬᠠᠷᠴᠤ᠂ ᠳᠡᠮᠵᠢᠵᠦ᠂ ᠠᠵᠤ ᠦᠶᠯᠡᠰ ᠤᠨ ᠬᠡᠯᠪᠡᠷᠢ ᠶᠢ | ᠬᠤᠪᠢᠷᠠᠭᠤᠯᠬᠤ᠂ ᠪᠣᠬᠢᠷᠲᠤᠯ ᠥᠬᠡᠶ ᠬᠥᠭᠵᠢᠯᠲᠡ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ᠂ ᠰᠣᠶᠣᠯ | ᠵᠢᠭᠤᠯᠴᠢᠯᠠᠯ ᠤᠨ ᠠᠭᠤᠰᠤᠯᠴᠠᠯ ᠵᠡᠷᠭᠡ ᠬᠦᠷᠢᠶᠡᠨ ᠳᠤ ᠨᠢᠭᠲᠠ ᠬᠠᠮᠵᠢᠯᠴᠠᠵᠤ᠂ ᠬᠠᠮᠲᠤ ᠪᠠᠷ ᠬᠦᠴᠦᠯᠡᠵᠤ᠂ | ᠬᠥᠨᠳᠡᠯᠡᠨ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠪᠤᠭᠤᠲᠤ ᠶᠢᠨ ᠪᠣᠯᠣᠳ | ᠲᠡᠮᠦᠷ ᠤᠨ ᠪᠦᠯᠦᠭᠯᠡᠯ ᠤᠨ ᠬᠥᠭᠵᠢᠯᠲᠡ ᠳᠤ ᠪᠥᠬᠦ ᠲᠠᠯ᠎ᠠ ᠶᠢᠨ ᠴᠢᠨᠠᠷ ᠰᠠᠶᠢᠲᠠᠶ ᠦᠶᠯᠡᠴᠢᠯᠡᠭᠡ ᠬᠠᠩᠭᠠᠵᠤ᠂ ᠠᠵᠤ | ᠠᠬᠤᠶᠢᠯᠠᠯ ᠪᠠ ᠣᠷᠣᠨ ᠨᠤᠳᠤᠭ ᠤᠨ ᠬᠠᠷᠢᠯᠴᠠᠨ ᠠᠰᠢᠭᠲᠠᠶ ᠬᠠᠮᠲᠤ ᠪᠠᠷ ᠠᠰᠢᠭ ᠭᠥᠷᠳᠡᠬᠦ ᠬᠥᠭᠵᠢᠯᠲᠡ ᠶᠢ | ᠪᠡᠶᠡᠯᠡᠭᠦᠯᠬᠦ ᠶᠢ ᠬᠦᠰᠡᠵᠤ ᠪᠠᠶᠢᠨ᠎ᠠ ᠭᠡᠪᠡ᠃ | ᠲᠤᠭᠤᠷᠢᠭ ᠤᠨ ᠤᠳᠤᠷᠢᠳᠤᠯᠭ᠎ᠠ ᠵᠠᠩ ᠬᠤᠸᠠ᠂ ᠸᠠᠩ ᠸᠧᠢ᠂ ᠰᠤ᠋ ᠵᠢᠶᠦ᠋ᠨ᠂ ᠵᠧᠦ ᠬᠠᠢ ᠹᠸᠢ ᠵᠢᠴᠢ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠶᠠᠷ ᠲᠠᠯ᠎ᠠ ᠶᠢᠨ ᠶᠠᠷᠢᠯᠴᠠᠬᠤ ᠳᠤ ᠣᠷᠣᠯᠴᠠᠪᠠ᠃ | ︵ᠢᠷᠡᠯᠲᠡ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶ | |