1 ᠰᠠᠷ᠎ᠠ ᠶᠢᠨ 8 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠬᠤ᠋ ᠴᠢᠶᠠᠩ ᠪᠥᠬᠦ | ᠲᠣᠭᠤᠷᠢᠭ ᠤᠨ ᠡᠳ᠋ ᠤᠨ ᠵᠠᠰᠠᠭ ᠭᠠᠶᠢᠯᠢ ᠶᠢᠨ ᠠᠵᠢᠯ ᠢ ᠪᠠᠶᠢᠴᠠᠭᠠᠨ ᠰᠤᠳᠤᠯᠬᠤ ᠶᠢᠨ ᠬᠠᠮᠲᠤ ᠶᠠᠷᠢᠯᠴᠠᠬᠤ ᠬᠤᠷᠠᠯ | ᠬᠤᠷᠠᠯᠳᠤᠭᠤᠯᠵᠤ᠂ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ ᠤᠨ 2024 ᠣᠨ ᠤ ᠠᠵᠢᠯ ᠤᠨ ᠪᠠᠶᠢᠳᠠᠯ ᠵᠢᠴᠢ | 2025 ᠣᠨ ᠤ ᠠᠵᠢᠯ ᠤᠨ ᠲᠣᠬᠢᠷᠠᠭᠤᠯᠤᠯᠲᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠶᠢᠷ᠎ᠠ ᠶᠢᠨ | ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠳᠤ ᠲᠣᠳᠣᠷᠬᠠᠶ ᠱᠠᠭᠠᠷᠳᠠᠯᠭ᠎ᠠ ᠳᠤᠷᠠᠳᠪᠠ᠃ | | ᠬᠤ᠋ ᠴᠢᠶᠠᠩ᠂ 2024 ᠣᠨ ᠳᠤ ᠪᠦᠬᠦ ᠲᠣᠭᠤᠷᠢᠭ ᠤᠨ ᠡᠳ᠋ ᠤᠨ ᠵᠠᠰᠠᠭ ᠭᠠᠶᠢᠯᠢ ᠶᠢᠨ ᠰᠠᠯᠠᠭ᠎ᠠ | ᠮᠥᠴᠢᠷ ᠤᠨ ᠺᠠᠳ᠋ᠷ ᠠᠵᠢᠯᠳᠠᠨ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠵᠦ᠂ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ | ᠪᠦᠬᠦ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠪᠡ ᠬᠡᠪᠡ᠃ | ᠬᠤ᠋ ᠴᠢᠶᠠᠩ᠂ ᠡᠳ᠋ ᠤᠨ ᠵᠠᠰᠠᠭ ᠭᠠᠶᠢᠯᠢ ᠶᠢᠨ ᠣᠷᠣᠯᠭ᠎ᠠ ᠶᠢᠨ ᠶᠠᠰᠤ ᠴᠢᠨᠠᠷ ᠪᠣᠯ ᠠᠵᠤ ᠠᠬᠤᠶ ᠶᠢᠨ | ᠡᠷᠬᠢᠯᠳᠡ ᠶᠢᠨ ᠶᠠᠰᠤ ᠴᠢᠨᠠᠷ ᠤᠨ ᠬᠠᠮᠤᠭ ᠤᠨ ᠰᠢᠭᠤᠳ ᠲᠤᠰᠬᠠᠯ ᠮᠥᠨ᠂ ᠡᠳ᠋ ᠤᠨ ᠵᠠᠰᠠᠭ ᠭᠠᠶᠢᠯᠢ ᠶᠢᠨ | ᠣᠷᠣᠯᠭ᠎ᠠ ᠪᠣᠯ ᠬᠥᠭᠵᠢᠯᠲᠡ ᠶᠢ ᠳᠥᠯᠭᠢᠨ ᠠᠬᠢᠭᠤᠯᠬᠤ ᠦᠨᠳᠦᠰᠦᠨ ᠪᠠᠲᠤᠯᠠᠭ᠎ᠠ ᠮᠥᠨ᠃ ᠡᠳ᠋ ᠤᠨ ᠵᠠᠰᠠᠭ | ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ | ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠷᠤᠭᠰᠢᠯᠠᠨ | ᠳᠠᠪᠰᠢᠬᠤ ᠵᠣᠷᠢᠭ ᠰᠠᠨᠠᠭ᠎ᠠ ᠶᠢ ᠴᠢᠩᠭᠠᠳᠬᠠᠨ᠂ ᠨᠡᠮᠡᠭᠳᠡᠯ ᠤᠨ ᠤᠬᠠᠮᠰᠠᠷ ᠢ ᠪᠠᠲᠤ ᠪᠣᠶ ᠪᠣᠯᠭᠠᠵᠤ᠂ ᠭᠠᠶᠢᠯᠢ ᠶᠢᠨ | ᠢᠷᠡᠯᠲᠡ ᠶᠢᠨ ᠰᠠᠭᠤᠷᠢ ᠶᠢ ᠪᠠᠬᠢᠵᠢᠭᠦᠯᠦᠨ᠂ ᠲᠠᠲᠠᠪᠤᠷᠢᠯᠠᠨ ᠬᠠᠮᠢᠶᠠᠷᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ | ᠬᠠᠳᠠᠭᠠᠯᠠᠬᠳᠠᠵᠤ ᠪᠠᠶᠢᠭ᠎ᠠ ᠡᠳ᠋ ᠬᠥᠷᠥᠩᠭᠡ ᠶᠢᠨ ᠡᠬᠢ ᠪᠠᠶᠠᠯᠢᠭ ᠢ ᠠᠮᠢᠳᠤᠯᠢᠬᠵᠢᠭᠤᠯᠤᠨ᠂ ᠠᠷᠭ᠎ᠠ ᠪᠦᠬᠦᠨ ᠢ | ᠰᠦᠪᠡᠭᠴᠢᠯᠡᠨ ᠡᠳ᠋ ᠤᠨ ᠢᠷᠡᠯᠲᠡ ᠶᠢ ᠲᠣᠭᠲᠠᠪᠤᠷᠢᠵᠢᠭᠤᠯᠵᠤ᠂ ᠡᠳ᠋ ᠤᠨ ᠬᠦᠴᠦᠨ ᠢ ᠨᠡᠮᠡᠭᠳᠡᠭᠦᠯᠬᠦ ᠬᠡᠷᠡᠭᠲᠡᠶ᠃ | ᠣᠬᠤᠷ ᠬᠤᠭᠤᠴᠠᠭ᠎ᠠ ᠪᠠ ᠣᠷᠳᠣ ᠬᠤᠭᠤᠴᠠᠭ᠎ᠠ ᠶᠢ ᠤᠶᠠᠯᠳᠤᠭᠤᠯᠬᠤ ᠶᠢ ᠪᠠᠷᠢᠮᠲᠠᠯᠠᠵᠤ᠂ ᠪᠠᠯᠠ ᠮᠥᠩᠭᠦ ᠶᠢᠨ | ᠵᠠᠷᠤᠯᠭ᠎ᠠ ᠪᠠ ᠲᠠᠲᠠᠪᠤᠷᠢᠯᠠᠠ ᠬᠠᠮᠢᠶᠠᠷᠬᠤ ᠶᠢ ᠨᠢᠭᠡᠳᠦᠯᠲᠡᠶ ᠲᠦᠯᠦᠪᠵᠢᠬᠦᠯᠦᠨ ᠰᠠᠶᠢᠲᠤᠷ ᠬᠢᠵᠦ᠂ ᠪᠠᠷᠠᠭᠠᠨ ᠤ | ᠭᠦᠶᠯᠭᠡᠭᠡᠨ ᠤ ᠬᠦᠷᠢᠶᠡᠨ ᠳᠠᠬᠢ ᠣᠷᠣᠯᠭ᠎ᠠ ᠶᠢᠨ ᠭᠠᠳᠠᠭᠰᠢ ᠭᠡᠭᠡᠭᠳᠡᠬᠦ ᠠᠰᠠᠭᠤᠳᠠᠯ ᠢ ᠨᠠᠷᠢᠨ ᠬᠢᠨᠠᠮᠠᠭᠠᠶ ᠰᠤᠳᠤᠯᠤᠨ | ᠰᠢᠶᠳᠪᠦᠷᠢᠯᠡᠬᠦ ᠬᠡᠷᠡᠭᠲᠡᠶ᠃ ᠡᠳ᠋ ᠤᠨ ᠵᠠᠰᠠᠭ ᠭᠠᠶᠢᠯᠢ ᠮᠥᠩᠭᠦᠨ ᠭᠦᠶᠯᠭᠡᠭᠡᠨ ᠤ ᠬᠤᠯᠪᠣᠭᠠᠯᠠᠨ ᠬᠥᠳᠡᠯᠦᠯᠴᠡᠬᠦ ᠶᠢ | ᠴᠢᠩᠭᠠᠳᠬᠠᠵᠤ᠂ ᠨᠠᠩ ᠣᠯᠠᠨ ᠴᠢᠨᠠᠷ ᠰᠠᠶᠢᠲᠠᠶ ᠮᠥᠩᠭᠦᠨ ᠭᠦᠶᠯᠭᠡᠭᠡᠨ ᠤ ᠠᠵᠤ ᠠᠬᠤᠶᠢᠯᠠᠯ᠂ ᠲᠥᠷᠥᠯ ᠵᠦᠶᠯ ᠢ | ᠲᠦᠷᠭᠡᠳᠬᠡᠨ ᠤᠷᠤᠭᠤᠯᠤᠨ ᠠᠪᠴᠢᠷᠠᠵᠤ᠂ ᠮᠥᠩᠭᠦᠨ ᠭᠦᠶᠯᠭᠡᠭᠡᠨ ᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ | ᠪᠥᠬᠦ ᠬᠦᠴᠦᠨ ᠢᠶᠠᠷ ᠢᠶᠠᠨ ᠲᠥᠯᠥᠪᠵᠢᠭᠦᠯᠦᠨ ᠠᠬᠢᠭᠤᠯᠵᠤ᠂ ᠮᠥᠩᠭᠦᠨ ᠭᠦᠶᠯᠭᠡᠭᠡᠨ ᠤ ᠪᠣᠳᠠᠲᠤ ᠴᠣᠭᠴᠠ ᠶᠢᠨ | ᠠᠵᠤ ᠠᠬᠤᠶ ᠳᠤ ᠦᠶᠯᠡᠴᠢᠯᠡᠬᠦ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ | ᠬᠡᠷᠡᠭᠲᠡᠶ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠰᠢᠰᠲ᠋ᠧᠮ ᠢ ᠴᠡᠭᠴᠡᠯᠡᠨ ᠰᠠᠶᠢᠵᠢᠷᠠᠭᠤᠯᠬᠤ | ᠴᠡᠭᠴᠡᠯᠡᠨ ᠵᠠᠰᠠᠬᠤ᠂ ᠪᠠᠷᠢᠮᠵᠢᠶ᠎ᠠ ᠶᠢ ᠳᠡᠭᠡᠭᠰᠢᠯᠡᠭᠦᠯᠦᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠲᠣᠭᠤᠷᠢᠭ ᠤᠨ ᠬᠠᠷᠢᠶ᠎ᠠ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠵᠠᠰᠠᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ | ᠲᠤᠬᠠᠶᠢᠯᠠᠭᠰᠠᠨ ᠠᠵᠢᠯ ᠤᠨ ᠠᠷᠭ᠎ᠠ ᠵᠠᠮ ᠢᠶᠠᠨ ᠲᠠᠰᠤᠷᠠᠯᠳᠠ ᠦᠭᠡᠢ ᠥᠷᠭᠡᠳᠬᠡᠵᠦ᠂ ᠭᠤᠣᠯᠳᠠᠯᠭ᠎ᠠ ᠲᠠᠢ ᠲᠦᠷᠦᠯ | ᠵᠦᠢᠯ ᠢ ᠢᠳᠡᠪᠬᠢᠲᠡᠢ ᠲᠥᠯᠥᠪᠵᠢᠭᠦᠯᠵᠦ᠂ ᠨᠥᠭᠡᠴᠡᠯᠡᠵᠦ᠂ ᠪᠦᠳᠦᠭᠡᠨ ᠪᠠᠶᠢᠭᠤᠯᠵᠤ᠂ ᠥᠪᠡᠷ ᠤᠨ ᠴᠢᠰᠦ | ᠪᠦᠳᠦᠬᠡᠬᠦ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃ | ᠲᠣᠭᠤᠷᠢᠭ ᠤᠨ ᠤᠳᠤᠷᠢᠳᠤᠯᠭ᠎ᠠ ᠸᠠᠩ ᠸᠧᠶ᠂ ᠰᠤ᠋ ᠵᠢᠶᠦ᠋ᠨ ᠵᠢᠴᠢ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠪᠡ᠃ ︵ᠰᠤᠷᠪᠤᠯᠵᠢᠯᠠᠭᠴᠢ᠄ ᠯᠧᠢ ᠶᠤᠸᠠᠨ | ᠶᠤᠸᠠᠨ᠂ ᠭᠤᠤ ᠵᠢᠶᠠ ᠲᠦᠩ ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ | ᠭᠡᠷ︶ | |