ᠲᠣᠭᠤᠷᠢᠭ ᠤᠨ ᠵᠠᠰᠠᠭ ᠤᠨ ᠣᠷᠳᠣᠨ 2025 ᠣᠨ ᠤ ᠠᠩᠬᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/10
     1 ᠰᠠᠷ᠎ᠠ ᠶᠢᠨ 8 ᠤ ᠡᠳᠦᠷ᠂ ᠲᠣᠭᠤᠷᠢᠭ ᠤᠨ ᠵᠠᠰᠠᠭ ᠤᠨ ᠣᠷᠳᠣᠨ 2025 ᠣᠨ ᠤ ᠠᠩᠬᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠪᠤᠭᠤᠲᠤ ᠬᠤᠲᠠ ᠶᠢᠨ ︽ᠬᠤᠶᠠᠷ ᠬᠤᠷᠠᠯ︾ ᠤᠨ ᠵᠣᠷᠢᠭ ᠰᠠᠨᠠᠭ᠎ᠠ᠂ ︽ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠮᠠᠨᠳᠤᠬᠰᠠᠨ ᠠᠵᠤ ᠦᠶᠯᠡᠰ ᠤᠨ ᠬᠥᠭᠵᠢᠯᠲᠡ ᠶᠢ ᠥᠨᠳᠥᠷ ᠲᠦᠪᠰᠢᠨ ᠢᠶᠠᠷ ᠠᠬᠢᠭᠤᠯᠬᠤ ᠲᠤᠬᠠᠶ ᠪᠤᠭᠤᠲᠤ ᠬᠤᠲᠠ ᠶᠢᠨ ᠬᠡᠷᠡᠭᠵᠢᠭᠦᠯᠬᠦ ᠰᠠᠨᠠᠯ︾ ᠢ ᠤᠯᠠᠮᠵᠢᠯᠠᠨ ᠰᠤᠷᠤᠯᠴᠠᠵᠤ᠂ ︽2025 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠬᠦᠷᠬᠡᠨ ᠬᠢᠨᠠᠭᠤᠯᠬᠤ ᠨᠤᠤᠷᠠᠭ︶︾᠂ ︽ᠬᠥᠨᠳᠡᠯᠡᠨ ᠲᠣᠭᠤᠷᠢᠭ ᠤᠨ 2024 ᠣᠨ ᠤ ᠤᠯᠤᠰ ᠠᠷᠠᠳ ᠤᠨ ᠠᠵᠤ    ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠵᠢᠴᠢ 2025 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠮᠡᠳᠡᠭᠦᠯᠦᠯᠲᠡ ︵ᠬᠦᠷᠬᠡᠨ ᠬᠢᠨᠠᠭᠤᠯᠬᠤ ᠨᠤᠤᠷᠠᠭ︶︾᠂ ︽ᠬᠥᠨᠳᠡᠯᠡᠨ ᠲᠣᠭᠤᠷᠢᠭ ᠤᠨ 2024 ᠣᠨ ᠤ ᠲᠥᠰᠦᠪ ᠢ ᠭᠦᠢᠴᠡᠳᠬᠡᠭᠰᠡᠨ ᠪᠠᠶᠢᠳᠠᠯ ᠪᠠ 2025 ᠣᠨ ᠤ ᠲᠥᠰᠦᠪ ᠤᠨ ᠲᠥᠰᠦᠯ ᠤᠨ ᠮᠡᠳᠡᠭᠦᠯᠦᠯᠲᠡ ︵ᠬᠦᠷᠭᠡᠨ ᠬᠢᠨᠠᠭᠤᠯᠬᠤ         ᠨᠤᠤᠷᠠᠭ︶︾ ᠶᠢ ᠰᠤᠳᠤᠯᠵᠤ᠂ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠢ ᠪᠡᠶᠡᠯᠡᠭᠦᠯᠦᠭᠰᠡᠨ ᠪᠠᠶᠢᠳᠠᠯ ᠪᠣᠯᠤᠨ 2025 ᠣᠨ ᠤ ᠬᠡᠷᠡᠭᠵᠢᠭᠦᠯᠬᠦ ᠪᠠᠷ ᠪᠠᠶᠢᠭ᠎ᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠤᠨ ᠪᠠᠶᠢᠳᠠᠯ ᠵᠡᠷᠭᠡ ᠬᠤᠯᠪᠣᠭᠳᠠᠯ ᠪᠥᠬᠦᠶ ᠵᠦᠶᠯᠡᠰ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠤᠭᠤᠷᠢᠭ ᠤᠨ ᠳᠠᠷᠤᠭ᠎ᠠ ᠢᠦᠶ ᠵᠠᠨ ᠵᠢᠶᠠᠩ ᠬᠤᠷᠠᠯ ᠢ ᠡᠷᠭᠢᠯᠡᠪᠡ᠃     ᠬᠤᠷᠠᠯ ᠠᠴᠠ᠂ ᠪᠥᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ ᠨᠢᠭᠡᠴᠢ ᠶᠢᠨ ᠬᠢᠨ ᠪᠥᠬᠦ ᠬᠤᠲᠠ ᠶᠢᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ︽ᠲᠤᠯᠤᠭᠠᠨ ᠦᠷᠭᠦᠯᠵᠢᠯᠡᠨ ᠬᠦᠴᠦᠯᠡᠬᠦ︾ ᠪᠠ ︽ᠲᠤᠯᠤᠭᠠᠨ ᠬᠦᠴᠦ ᠪᠠᠨ ᠲᠥᠪᠯᠡᠷᠡᠭᠦᠯᠦᠨ ᠪᠣᠭᠤᠮᠲᠠ ᠰᠢᠪᠲᠤᠯᠬᠤ︾ ᠶᠢᠨ ᠲᠣᠭᠤᠷᠢᠨ ᠳᠤ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠵᠦᠶᠯ ᠵᠤᠷᠪᠤᠰ ᠳᠠᠷᠠᠭᠠᠯᠠᠨ ᠬᠠᠷᠭᠤᠭᠤᠯᠵᠤ᠂ ᠵᠦᠶᠯ ᠵᠤᠷᠪᠤᠰ ᠳᠠᠷᠠᠭᠠᠯᠠᠨ ᠵᠣᠯᠭᠠᠭᠤᠯᠵᠤ᠂ ᠵᠦᠶᠯ ᠵᠤᠷᠪᠤᠰ ᠳᠠᠷᠠᠭᠠᠯᠠᠨ ᠠᠬᠢᠭᠤᠯᠵᠤ᠂ ᠠᠵᠤ ᠠᠬᠤᠶ ᠶᠢᠨ ᠡᠷᠭᠢᠯᠲᠡ ᠶᠢᠨ ᠲᠣᠬᠢᠷᠠᠭᠤᠯᠤᠯᠲᠠ᠂ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ᠂ ᠭᠤᠤᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢ ᠠᠬᠢᠭᠤᠯᠬᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠡᠯ᠎ᠡ ᠵᠦᠶᠯ ᠤᠨ ᠭᠤᠤᠯᠳᠠᠯᠭ᠎ᠠ ᠲᠠᠢ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠵᠦ᠂ ︽ᠰᠠᠶᠢᠨ ᠡᠬᠢᠯᠡᠯᠲᠡ ᠲᠠᠢ᠂ ᠪᠥᠬᠦ ᠵᠢᠯ ᠳᠡᠭᠡᠨ ᠰᠠᠶᠢᠨ ᠪᠠᠶᠢᠬᠤ︾ ᠶᠢ ᠦᠨᠡᠨ ᠬᠦ ᠪᠠᠲᠤᠯᠠᠵᠤ᠂ ᠦᠷᠭᠦᠯᠵᠢᠯᠡᠨ ᠪᠥᠬᠦ ᠬᠤᠲᠠ ᠳᠤ ︽ᠶᠡᠭᠡ ᠡᠬᠦᠷᠬᠡ ᠶᠢ ᠡᠬᠦᠷᠭᠡᠯᠡᠵᠤ᠂ ᠬᠡᠪ ᠲᠠᠭᠤᠷᠢᠶᠠᠯ ᠪᠤᠯᠬᠤ︾ ᠬᠡᠷᠡᠭᠳᠡᠢ᠃ ︽ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠮᠠᠨᠳᠤᠬᠰᠠᠨ ᠠᠵᠤ ᠦᠶᠯᠡᠰ ᠤᠨ ᠬᠥᠭᠵᠢᠯᠲᠡ ᠶᠢ ᠥᠨᠳᠥᠷ ᠲᠦᠪᠰᠢᠨ ᠢᠶᠠᠷ ᠠᠬᠢᠭᠤᠯᠬᠤ ᠲᠤᠬᠠᠶ ᠪᠤᠭᠤᠲᠤ ᠬᠤᠲᠠ ᠶᠢᠨ ᠬᠡᠷᠡᠭᠵᠢᠭᠦᠯᠬᠦ ᠰᠠᠨᠠᠯ︾ ᠲᠠᠢ ᠬᠠᠷᠭᠤᠭᠤᠯᠵᠤ᠂ ᠮᠠᠨ ᠤ ᠲᠤᠭᠤᠷᠢᠭ ᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠰᠢᠰᠲ᠋ᠧᠮ ᠲᠠᠢ ᠲᠥᠯᠥᠪᠵᠢᠭᠦᠯᠵᠦ᠂ ᠬᠠᠷᠠᠯᠲᠠ ᠶᠢ ᠲᠣᠳᠣᠷᠬᠠᠶ ᠬᠡᠮᠵᠢᠶᠡᠵᠢᠭᠦᠯᠬᠦ᠂ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ ᠨᠠᠷᠢᠯᠢᠭ ᠪᠠᠶᠢᠯᠭᠠᠬᠤ᠂ ᠪᠣᠳᠠᠲᠠᠶ ᠲᠤᠯᠭᠠᠭᠤᠷᠢᠯᠠᠯ ᠲᠠᠢ ᠠᠵᠢᠯ ᠤᠨ ᠬᠢᠯᠠᠰ ᠴᠡᠭ ᠲᠠᠢ ᠪᠠᠶᠢᠬᠤ ᠶᠢ ᠪᠠᠲᠤᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠶᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠶ ᠠᠭᠤᠰᠤᠯᠴᠠᠨ ᠬᠥᠭᠵᠢᠬᠦ ᠶᠢ ᠲᠦᠷᠭᠡᠳᠬᠡᠨ ᠠᠬᠢᠭᠤᠯᠵᠤ᠂ ᠰᠢᠨ᠎ᠡ ᠶᠢ ᠡᠭᠦᠳᠬᠦ ᠠᠮᠢ ᠠᠬᠤᠶ ᠶᠢ ᠪᠥᠬᠦ ᠲᠠᠯ᠎ᠠ ᠪᠠᠷ ᠪᠠᠶᠢᠭᠤᠯᠵᠤ᠂ ᠪᠥᠬᠦ ᠨᠡᠶᠢᠭᠡᠮ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠡᠷᠴᠢᠮ ᠢ 2.9 % ᠳᠤ ᠬᠦᠷᠭᠡᠬᠦ ᠬᠡᠷᠡᠭᠲᠡᠶ ᠭᠡᠵᠦ ᠴᠢᠬᠤᠯᠠᠴᠢᠯᠠᠪᠠ᠃     ᠬᠤᠷᠠᠯ ᠠᠴᠠ᠂ ᠡᠯ᠎ᠡ ᠰᠠᠯᠠᠭ᠎ᠠ ᠮᠥᠴᠢᠷ ᠨᠢᠭᠡᠴᠢ ᠶᠢᠨ ᠬᠢᠨ ︽ᠥᠨᠳᠥᠷ ᠪᠠᠷᠢᠮᠵᠢᠶ᠎ᠠ ᠪᠠᠷ ᠪᠠᠷᠢᠮᠵᠢᠶᠠᠯᠠᠵᠤ᠂ ᠤᠷᠢᠳ ᠢᠶᠠᠷ ᠵᠠᠪᠳᠤᠵᠤ ᠥᠨᠳᠥᠷ ᠪᠠᠷᠢᠮᠵᠢᠶ᠎ᠠ ᠳᠤ ᠬᠦᠷᠬᠦ︾ ᠶᠢ ᠪᠠᠷᠢᠮᠲᠠᠯᠠᠵᠤ᠂ ᠲᠤᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠪᠠᠶᠢᠭ᠎ᠠ ᠡᠯ᠎ᠡ ᠵᠦᠢᠯ ᠤᠨ ᠮᠡᠳᠡᠭᠦᠯᠦᠯᠲᠡ ᠶᠢ ᠲᠤᠭᠤᠷᠪᠢᠵᠤ ᠲᠡᠭᠦᠯᠳᠡᠷᠵᠢᠭᠦᠯᠬᠦ ᠠᠵᠢᠯ ᠢ ᠴᠢᠨᠠᠷ ᠰᠠᠶᠢᠲᠠᠢ ᠰᠠᠶᠢᠲᠤᠷ ᠬᠢᠵᠦ᠂ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠭᠦᠢᠴᠡᠳ ᠰᠢᠩᠭᠡᠭᠡᠨ ᠠᠪᠴᠤ᠂ ᠮᠡᠳᠡᠭᠦᠯᠦᠯᠲᠡ ᠶᠢᠨ ᠠᠮᠵᠢᠯᠲᠠ ᠪᠦᠲᠦᠮᠵᠢ ᠶᠢ  ᠤᠨᠤᠪᠴᠢᠳᠠᠢ ᠳ᠋ᠦᠩᠨᠡᠬᠦ᠂ ᠬᠠᠷᠠᠯᠲᠠ ᠶᠢ ᠰᠢᠨᠵᠢᠯᠡᠬᠦ ᠤᠬᠠᠭᠠᠨᠴᠢ ᠪᠠᠷ ᠤᠬᠠᠭᠠᠯᠠᠨ ᠲᠦᠯᠦᠪᠯᠡᠬᠦ᠂ ᠠᠷᠭ᠎ᠠ ᠬᠡᠮᠵᠢᠶ᠎ᠡ ᠲᠤᠰᠠᠳᠠᠢ ᠬᠡᠷᠡᠭᠵᠢᠬᠦᠯᠦᠭᠦᠰᠢᠳᠡᠢ ᠪᠠᠶᠢᠬᠤ᠂ ᠬᠥᠭᠵᠢᠯᠲᠡ ᠶᠢᠨ ᠱᠠᠭᠠᠷᠳᠠᠯᠭ᠎ᠠ ᠶᠢ ᠭᠦᠢᠴᠡᠳ ᠢᠯᠡᠷᠡᠭᠦᠯᠬᠦ᠂ ᠠᠷᠠᠳ ᠲᠦᠮᠡᠨ ᠤ ᠬᠦᠰᠡᠯ ᠡᠷᠡᠮᠡᠯᠵᠡᠯ ᠳᠤ ᠨᠡᠶᠢᠴᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠲᠣᠳᠣᠷᠬᠠᠶᠢᠯᠠᠪᠠ᠃     ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ︽ᠠᠷᠠᠳ ᠲᠦᠮᠡᠨ ᠢᠶᠠᠷ ᠭᠤᠣᠯ ᠪᠣᠯᠭᠠᠬᠤ︾ ᠬᠥᠭᠵᠢᠯᠲᠡ ᠶᠢᠨ ᠣᠶᠢᠯᠠᠭᠠᠭᠳᠠᠬᠤᠨ ᠢ ᠤᠯᠠᠮ ᠴᠢᠨᠠᠭᠰᠢᠳᠠ ᠪᠠᠲᠤ ᠪᠤᠢ ᠪᠣᠯᠭᠠᠵᠤ᠂ 2025 ᠣᠨ ᠳᠤ ᠬᠡᠷᠡᠭᠵᠢᠭᠦᠯᠬᠦ ᠪᠠᠷ ᠪᠠᠶᠢᠭ᠎ᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠴᠢᠨᠠᠷ ᠰᠠᠶᠢᠲᠠᠢ ᠤᠬᠠᠭᠠᠯᠠᠨ ᠲᠦᠯᠦᠪᠯᠡᠨ ᠬᠡᠷᠡᠭᠵᠢᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠬᠦᠴᠦ ᠣᠷᠣᠭᠤᠯᠤᠨ ᠰᠠᠶᠢᠲᠤᠷ ᠬᠢᠵᠦ᠂ ᠦᠨᠡᠨ ᠪᠣᠳᠠᠲᠠᠢ ᠠᠵᠢᠯ ᠤᠨ ᠦᠷ᠎ᠡ ᠪᠦᠲᠦᠮᠵᠢ ᠪᠠᠷ ᠤᠯᠠᠨ ᠲᠦᠮᠡᠨ ᠤ ᠬᠦᠰᠡᠯ ᠪᠠᠷᠠᠯᠠᠯ ᠳᠤ ᠬᠠᠷᠢᠭᠤᠯᠲᠠ ᠥᠭᠬᠦ ᠬᠡᠷᠡᠭᠲᠡᠢ ᠭᠡᠵᠦ ᠱᠠᠭᠠᠷᠳᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ ︵ᠢᠷᠡᠯᠲᠡ᠄ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号