1 ᠰᠠᠷ᠎ᠠ ᠶᠢᠨ 12 ᠤᠨ ᠦᠳᠡ ᠶᠢᠨ ᠬᠤᠶᠢᠨ᠎ᠠ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠬᠤ᠋ | ᠴᠢᠶᠠᠩ ᠪᠤᠷᠬᠠᠨᠲᠤ ᠪᠠᠯᠭᠠᠰᠤᠨ ᠤ ᠤᠯᠠᠯᠵᠢ ᠭᠤᠷᠪᠠᠳᠤᠭᠠᠷ ᠲᠣᠰᠬᠤᠨ᠂ ᠡᠮᠦᠨ᠎ᠡ ᠪᠤᠷᠬᠠᠨᠲᠤ ᠲᠣᠰᠬᠤᠨ᠂ ᠪᠤᠷᠬᠠᠨᠲᠤ | ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ᠂ ᠣᠷᠣᠰᠢᠨ ᠰᠠᠭᠤᠬᠤ ᠣᠷᠴᠢᠨ ᠲᠣᠭᠤᠷᠢᠨ ᠢ | ᠴᠡᠭᠴᠡᠯᠡᠨ ᠵᠠᠰᠠᠬᠤ᠂ ᠦᠨᠳᠦᠰᠦᠨ ᠱᠠᠲᠤᠨ ᠤ ᠵᠠᠰᠠᠯᠲᠠ ᠵᠡᠷᠭᠡ ᠭᠤᠣᠯᠳᠠᠯᠭ᠎ᠠ ᠲᠠᠢ ᠠᠵᠢᠯ ᠢ ᠲᠤᠬᠠᠢ ᠶᠢᠨ | ᠭᠠᠵᠠᠷ ᠲᠤᠨᠢ ᠪᠠᠶᠢᠴᠠᠭᠠᠨ ᠰᠤᠳᠤᠯᠤᠭᠰᠠᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠵᠤ᠂ ᠪᠤᠷᠬᠠᠨᠲᠤ | ᠪᠠᠯᠭᠠᠰᠤᠨ ᠤ 2024 ᠣᠨ ᠤ ᠭᠤᠣᠯᠳᠠᠯᠭ᠎ᠠ ᠲᠠᠢ ᠠᠵᠢᠯ ᠢ ᠪᠡᠶᠡᠯᠡᠭᠦᠯᠦᠭᠰᠡᠨ ᠪᠠᠶᠢᠳᠠᠯ ᠪᠣᠯᠤᠨ 2025 ᠣᠨ ᠤ | ᠠᠵᠢᠯ ᠢᠶᠠᠨ ᠲᠥᠯᠥᠪᠵᠢᠭᠦᠯᠦᠨ ᠠᠬᠢᠭᠤᠯᠬᠤ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ | ᠤᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠳᠤ ᠱᠠᠭᠠᠷᠳᠠᠯᠭ᠎ᠠ ᠳᠤᠷᠠᠳᠪᠠ᠃ | ᠬᠤ᠋ ᠴᠢᠶᠠᠩ᠂ ᠪᠤᠷᠬᠠᠨᠲᠤ ᠪᠠᠯᠭᠠᠰᠤ ︽ᠬᠦᠷᠢᠶᠡᠯᠡᠩ ᠲᠣᠭᠤᠷᠢᠭ ᠲᠤ ᠲᠦᠰᠢᠭᠯᠡᠨ᠂ ᠬᠦᠷᠢᠶᠡᠯᠡᠩ | ᠲᠣᠭᠤᠷᠢᠭ ᠲᠤ ᠦᠶᠯᠡᠴᠢᠯᠡᠬᠦ︾ ᠢᠯᠡ ᠲᠣᠳᠣ ᠬᠥᠭᠵᠢᠯᠲᠡ ᠶᠢᠨ ᠤᠳᠤᠷᠢᠳᠤᠮᠵᠢ ᠶᠢ ᠤᠯᠠᠮ ᠨᠢᠭᠡ ᠠᠯᠬᠤᠮ ᠪᠣᠶ | ᠪᠣᠯᠭᠠᠵᠤ᠂ ᠠᠵᠤ ᠦᠶᠯᠡᠰ ᠤᠨ ᠬᠠᠮᠵᠢᠯᠴᠠᠨ ᠢᠵᠢ ᠪᠦᠷᠢᠳᠦᠭᠦᠯᠬᠦ ᠪᠠ ᠦᠶᠯᠡᠴᠢᠯᠡᠭᠡ ᠪᠠᠲᠤᠯᠠᠭ᠎ᠠ ᠶᠢ ᠬᠦᠴᠦ ᠪᠠᠨ | ᠲᠥᠪᠯᠡᠷᠡᠭᠦᠯᠦᠨ ᠰᠠᠶᠢᠲᠤᠷ ᠬᠢᠵᠦ᠂ ᠠᠵᠤ ᠦᠶᠯᠡᠰ ᠤᠨ ᠪᠠᠶᠢᠷᠢᠰᠢᠯ ᠢ ᠲᠠᠰᠤᠷᠠᠯᠲᠠ ᠥᠬᠡᠶ ᠰᠢᠯᠢᠳᠡᠭᠵᠢᠭᠦᠯᠦᠨ᠂ | ᠣᠯᠠᠨ ᠡᠰᠢᠵᠢᠭᠰᠡᠨ ᠬᠥᠭᠵᠢᠯᠲᠡ ᠶᠢᠨ ᠠᠵᠤ ᠦᠶᠯᠡᠰ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠬᠤ ᠬᠡᠷᠡᠭᠲᠡᠶ᠃ | ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠬᠦ ᠶᠢ | ᠪᠠᠷᠢᠮᠲᠠᠯᠠᠵᠤ᠂ ᠡᠯ᠎ᠡ ᠲᠦᠷᠦᠯ ᠤᠨ ᠡᠬᠢ ᠪᠠᠶᠠᠯᠢᠭ ᠲᠥᠪᠯᠡᠷᠡᠭᠰᠡᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ | ᠤᠶᠢᠷ᠎ᠠ ᠬᠠᠪᠢ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠶᠢ ᠭᠦᠨᠵᠡᠭᠡᠢ ᠰᠤᠳᠤᠯᠵᠤ᠂ | ᠨᠢᠭᠡ ᠲᠣᠰᠬᠤᠨ ᠳᠤ ᠨᠢᠭᠡ ᠠᠷᠭ᠎ᠠ ᠪᠤᠳᠤᠯᠭ᠎ᠠ ᠶᠢ ᠬᠡᠷᠡᠭᠵᠢᠬᠦᠯᠵᠦ ᠬᠥᠭᠵᠢᠯᠲᠡ ᠶᠢᠨ ᠪᠣᠳᠠᠲᠠᠢ ᠬᠠᠷᠠᠯᠲᠠ ᠪᠠ ᠠᠷᠭ᠎ᠠ | ᠬᠡᠮᠵᠢᠶ᠎ᠡ ᠶᠢ ᠲᠣᠭᠲᠠᠭᠠᠵᠤ᠂ ᠬᠦᠷᠢᠶ᠎ᠡ ᠬᠠᠰᠢᠶᠠᠨ ᠤ ᠠᠵᠤ ᠠᠬᠤᠢ᠂ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ᠂ ᠪᠠᠷᠠᠭᠠᠨ ᠤ ᠭᠦᠢᠯᠭᠡᠭᠡ᠂ ᠬᠥᠮᠥᠷᠭᠡᠯᠡᠨ ᠬᠠᠳᠠᠭᠠᠯᠠᠬᠤ ᠵᠡᠷᠭᠡ | ᠤᠯᠠᠨ ᠵᠦᠢᠯ ᠤᠨ ᠠᠵᠤ ᠦᠢᠯᠡᠰ ᠤᠨ ᠡᠵᠡᠩᠨᠡᠯᠲᠡ ᠶᠢᠨ ᠬᠡᠯᠪᠡᠷᠢ ᠶᠢ ᠲᠠᠰᠤᠷᠠᠯᠳᠠ ᠦᠭᠡᠢ ᠪᠤᠶᠢᠵᠢᠭᠤᠯᠤᠨ | ᠪᠤᠵᠠᠭᠠᠶᠢᠷᠠᠭᠤᠯᠵᠤ᠂ ᠥᠷᠭᠡᠨ ᠤᠯᠠᠨ ᠬᠤᠳᠠ ᠶᠢᠨ ᠠᠷᠠᠳ ᠤᠨ ᠬᠡᠷᠡᠭᠴᠡᠭᠡ ᠳᠤ ᠨᠡᠶᠢᠴᠡᠭᠰᠡᠨ ᠨᠡᠩ ᠤᠯᠠᠨ | ᠲᠠᠷᠢᠶᠠᠯᠠᠩ ᠰᠣᠶᠣᠯ ᠵᠢᠭᠤᠯᠴᠢᠯᠠᠯ ᠤᠨ ᠦᠢᠯᠡᠳᠬᠦᠨ ᠢ ᠲᠦᠷᠭᠡᠨ ᠪᠤᠢ ᠪᠤᠯᠭᠠᠬᠤ ᠬᠡᠷᠡᠭᠲᠡᠢ᠃ ᠬᠥᠮᠦᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠡᠮᠬᠢ ᠵᠢᠷᠤᠮ ᠲᠠᠢ ᠠᠬᠢᠭᠤᠯᠵᠤ᠂ ᠬᠤᠭ | ᠨᠣᠪᠰᠢ ᠪᠠ ᠪᠣᠬᠢᠷ ᠤᠰᠤ ᠶᠢ ᠰᠢᠢᠳᠪᠦᠷᠢᠯᠡᠬᠦ᠂ ᠲᠣᠰᠬᠤᠨ ᠤ ᠳᠦᠷᠰᠦ ᠪᠠᠶᠢᠳᠠᠯ ᠢ ᠴᠡᠭᠴᠡᠯᠡᠨ ᠵᠠᠰᠠᠬᠤ ᠵᠡᠷᠭᠡ | ᠭᠤᠣᠯᠳᠠᠯᠭ᠎ᠠ ᠲᠠᠢ ᠠᠵᠢᠯ ᠢ ᠭᠦᠨᠵᠡᠭᠡᠢ ᠨᠠᠷᠢᠯᠢᠭ ᠰᠠᠶᠢᠲᠤᠷ ᠬᠢᠬᠦ ᠬᠡᠷᠡᠭᠲᠡᠢ᠃ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ ᠬᠦᠳᠦᠯᠥᠨ ᠳᠠᠭᠠᠭᠤᠯᠬᠤ᠂ ᠲᠣᠭᠲᠠᠭᠤᠨ ᠢ ᠬᠠᠮᠠᠭᠠᠯᠠᠬᠤ ᠴᠢᠬᠤᠯᠠ | ᠦᠢᠯᠡᠳᠦᠯ ᠢ ᠭᠦᠢᠴᠡᠳ ᠪᠠᠳᠠᠷᠠᠭᠤᠯᠵᠤ᠂ ᠵᠥᠷᠢᠴᠡᠯ ᠵᠢᠭᠤᠷᠠᠯᠳᠤᠭᠠᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ | ᠰᠢᠢᠳᠪᠦᠷᠢᠯᠡᠬᠦ ᠶᠢ ᠴᠢᠩᠭᠠᠳᠬᠠᠵᠤ᠂ ᠤᠯᠠᠨ ᠲᠦᠮᠡᠨ ᠤ ᠬᠠᠯᠠᠮᠵᠢᠯᠠᠵᠤ ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ | ᠬᠦᠴᠦ ᠣᠷᠣᠭᠤᠯᠤᠨ ᠰᠢᠢᠳᠪᠦᠷᠢᠯᠡᠵᠦ᠂ ᠠᠵᠢᠯᠯᠠᠵᠤ ᠠᠮᠢᠳᠤᠷᠠᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ | ᠬᠥᠳᠡᠭᠡ ᠲᠣᠰᠬᠤᠨ ᠢ ᠬᠦᠴᠦᠯᠡᠨ ᠴᠣᠭᠴᠠᠯᠠᠬᠤ ᠬᠡᠷᠡᠭᠲᠡᠢ᠃ ︽ᠭᠤᠷᠪᠠ ᠶᠢ ᠲᠡᠮᠡᠴᠡᠨ ᠤᠯᠬᠤ ᠬᠤᠶᠠᠷ ᠢ | ᠵᠣᠯᠭᠠᠭᠤᠯᠬᠤ︾ ᠲᠤᠰᠬᠠᠶ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠵᠣᠯᠭᠠᠯᠴᠠᠭ᠎ᠠ ᠬᠠᠷᠢᠯᠴᠠᠭ᠎ᠠ ᠪᠠᠨ | ᠴᠢᠩᠭᠠᠳᠬᠠᠵᠤ᠂ ᠭᠠᠳᠠᠨᠠᠬᠢ ᠬᠦᠴᠦᠨ ᠢ ᠠᠰᠢᠭᠯᠠᠨ ᠬᠥᠭᠵᠢᠬᠦ ᠶᠢ ᠨᠠᠩ ᠰᠠᠶᠢᠲᠤᠷ ᠪᠡᠶᠡᠯᠡᠭᠦᠯᠬᠦ ᠬᠡᠷᠡᠭᠲᠡᠶ ᠬᠡᠪᠡ᠃ | ᠲᠤᠭᠤᠷᠢᠭ ᠤᠨ ᠤᠳᠤᠷᠢᠳᠤᠯᠭ᠎ᠠ ᠸᠠᠩ ᠸᠧᠢ᠂ ᠰᠤ᠋ ᠵᠢᠶᠦ᠋ᠨ᠂ ᠵᠧᠦ ᠬᠠᠢ ᠹᠸᠢ ᠵᠢᠴᠢ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃ ︵ᠰᠤᠷᠪᠤᠯᠵᠢᠯᠠᠭᠴᠢ᠄ ᠰᠢᠶᠤᠤ | ᠯᠢ ᠶᠢᠩ ᠬᠢᠨᠠᠨ ᠬᠠᠷᠭᠤᠭᠤᠯᠤᠬᠰᠠᠨ ᠨᠢ᠄ ᠲᠤᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶ |