ᠥᠨᠥᠳᠦᠷ ᠲᠡᠳᠡᠨ ᠳᠤ ᠬᠦᠨᠳᠦᠳᠬᠡᠯ ᠳᠡᠪᠰᠢᠭᠦᠯᠦᠶ᠎ᠡ︕
ᠨᠡᠶᠢᠲᠡᠯᠡᠭᠰᠡᠨ ᠴᠠᠭ᠄
2025/1/13
    ᠲᠠᠪᠤᠳᠠᠬᠢ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ 1 ᠰᠠᠷ᠎ᠠ ᠶᠢᠨ 10 ᠤ ᠦᠳᠡ ᠶᠢᠨ ᠬᠤᠶᠢᠨ᠎ᠠ᠂ ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠥᠨᠳᠡᠯᠡᠨ ᠲᠣᠭᠤᠷᠢᠭ ᠤᠨ ᠬᠤᠪᠢᠶᠠᠷᠢ ᠲᠣᠪᠴᠢᠶ᠎ᠠ ᠶᠢᠨ ︽ᠴᠠᠭᠳᠠᠭ᠎ᠠ ᠶᠢᠨ ᠢᠷᠠᠭᠤ ᠠᠯᠳᠠᠷ᠂  ᠬᠦᠰᠡᠯ ᠵᠡᠭᠦᠳᠦ ᠪᠠᠨ ᠲᠡᠷᠭᠡᠯᠰᠢᠭᠦᠯᠬᠦ ᠶᠢᠨ ᠲᠦᠯᠦᠬᠡ ᠡᠷᠡᠮᠡᠭᠡᠶᠢᠯᠡᠨ ᠤᠷᠤᠬᠰᠢᠯᠠᠨ᠎ᠠ︾ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠤᠨ ᠭᠤᠤᠯ ᠰᠡᠳᠦᠪᠲᠦ ᠤᠷᠠᠨ ᠰᠠᠶᠢᠬᠠᠨ ᠤ ᠲᠣᠭᠯᠠᠯᠲᠠ ᠪᠤᠭᠤᠲᠤ ᠬᠤᠲᠠ ᠶᠢᠨ ᠪᠠᠭᠠᠴᠤᠳ ᠤᠨ ᠣᠷᠳᠣᠨ ᠳᠤ ᠶᠠᠪᠤᠭᠳᠠᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠬᠤ᠋ ᠴᠢᠶᠠᠩ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠢᠦᠢ ᠵᠠᠨ ᠵᠢᠶᠠᠩ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠲᠤᠪᠴᠢᠶᠠᠨ ᠤ ᠳᠡᠳ᠋ ᠳᠠᠷᠤᠭ᠎ᠠ ᠯᠢ ᠰᠢᠶᠤᠤ ᠹᠠᠨ᠂ ᠬᠤᠲᠠ ᠶᠢᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠳᠡᠳ᠋ ᠱᠦᠵᠢ ᠭᠤᠤ ᠢᠦᠢ ᠫᠦ᠋᠂ ᠲᠣᠭᠤᠷᠢᠭ ᠤᠨ ᠤᠳᠤᠷᠢᠳᠤᠯᠭ᠎ᠠ ᠸᠠᠩ ᠸᠧᠢ᠂ ᠰᠦ᠋ ᠵᠢᠶᠦ᠋ᠨ᠂ ᠳ᠋ᠦ᠋ ᠺᠧ ᠠᠵᠢᠯᠯᠠᠭ᠎ᠠ ᠳᠤ ᠣᠷᠣᠯᠴᠠᠵᠠᠢ᠃
    ᠬᠥᠨᠳᠡᠯᠡᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠲᠤᠮᠢᠯᠠᠬᠰᠠᠨ ᠰᠠᠯᠪᠤᠷᠢ ᠪᠠ ᠠᠩᠬᠢ ᠲᠠᠰᠤᠭ ᠤᠨ ᠲᠥᠪ ᠤᠨ ᠭᠤᠤᠯ ᠬᠠᠷᠢᠭᠤᠴᠠᠯᠭᠠᠲᠠᠨ ᠨᠥᠬᠦᠳ᠂ ᠬᠥᠨᠳᠡᠯᠡᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠠᠷᠠᠳ ᠤᠨ ᠴᠠᠬᠳᠠᠭ᠎ᠠ ᠪᠠ ᠲᠤᠰᠠᠯᠠᠬᠤ ᠴᠠᠭᠳᠠᠭ᠎ᠠ ᠶᠢᠨ ᠲᠥᠯᠥᠭᠡᠯᠡᠭᠴᠢ᠂ ︽ᠬᠠᠮᠤᠭ ᠤᠨ ᠭᠤᠶᠣ ᠣᠳᠣᠨ︾ ᠤ ᠲᠥᠯᠥᠭᠡᠯᠡᠭᠴᠢ ᠵᠢᠴᠢ ᠬᠡᠷ ᠪᠦᠯᠢ᠂ ᠬᠡᠰᠡᠭ ᠠᠷᠠᠳ ᠤᠨ ᠴᠠᠬᠳᠠᠭ᠎ᠠ ᠪᠠ ᠲᠤᠰᠠᠯᠠᠬᠤ ᠴᠠᠭᠳᠠᠭ᠎ᠠ ᠨᠡᠶᠢᠲᠡ 500 ᠭᠠᠷᠤᠶ ᠬᠥᠮᠦᠨ ᠲᠤᠬᠠᠶ ᠶᠢᠨ ᠲᠠᠯᠠᠪᠠᠶ ᠳᠤ  ᠲᠤᠬᠯᠠᠯᠳᠠ ᠶᠢ ᠦᠵᠡᠪᠡ᠃
    ᠠᠵᠢᠯᠯᠠᠭ᠎ᠠ ᠶᠢᠨ ᠠᠬᠤᠶ ᠲᠠᠯᠠᠪᠠᠶ ᠳᠤ᠂ ᠲᠣᠭᠯᠠᠯᠲᠠ ᠶᠢᠨ ᠲᠢᠩᠬᠢᠮ ᠳᠤ ᠳ᠋ᠧᠩ ᠤᠨ ᠬᠡᠷᠡᠯ ᠳᠤᠸᠠᠯᠠᠵᠤ᠂ ᠪᠠᠶᠠᠷ ᠬᠥᠷ ᠲᠠᠢ ᠠᠭᠤᠷ ᠠᠮᠢᠰᠬᠤᠯ ᠢᠶᠠᠷ ᠪᠢᠯᠬᠠᠨ᠎ᠠ᠃ ᠤᠷᠠᠨ ᠰᠠᠶᠢᠬᠠᠨ ᠤ ᠬᠠᠷᠢᠭᠤ ᠮᠡᠳᠡᠭᠦᠯᠦᠯᠲᠡ ᠶᠢᠨ ᠲᠣᠭᠯᠠᠯᠲᠠ ᠨᠢ ᠴᠠᠭᠳᠠᠭᠠᠨ ᠤ ᠪᠠᠶᠠᠷ ᠤᠨ ᠡᠳᠦᠷ ᠤᠨ ᠭᠤᠤᠯ ᠰᠡᠳᠦᠪᠲᠦ ᠤᠬᠠᠭᠤᠯᠭ᠎ᠠ ᠶᠢᠨ ᠺᠢᠨᠣ᠋ ︽ᠰᠠᠬᠢᠨ ᠬᠠᠮᠠᠭᠠᠯᠠᠯᠳᠠ︾ ᠪᠠᠷ ᠬᠦᠰᠢᠬᠡ ᠪᠠᠨ ᠨᠡᠭᠡᠭᠡᠵᠤ᠂ ᠣᠯᠠᠨ ᠬᠦᠮᠦᠨ ᠤ ᠪᠥᠵᠢᠭ ︽ᠴᠠᠭᠳᠠᠭᠠᠨ ᠤ ᠰᠦᠭ ᠰᠦᠨᠡᠰᠦ︾ ᠲᠣᠭᠯᠠᠯᠲᠠ ᠶᠢ ᠵᠢᠩᠬᠢᠨᠢ ᠪᠠᠷ ᠡᠬᠢᠯᠡᠬᠦᠯᠪᠡ᠃ ᠪᠦᠬᠦ᠋ᠢᠯᠡ ᠤᠳᠬ᠎ᠠ ᠤᠷᠠᠯᠢᠭ ᠤᠨ ᠬᠠᠷᠢᠭᠤ ᠮᠡᠳᠡᠭᠦᠯᠦᠯᠲᠡ ᠶᠢᠨ ᠲᠣᠭᠯᠠᠯᠲᠠ ᠨᠢ ︽ᠴᠠᠭᠳᠠᠭᠠᠨ ᠤ ᠰᠦᠯᠳᠡ ᠬᠢᠯᠠᠯᠵᠠᠨ ᠤᠭ ᠰᠠᠨᠠᠭ᠎ᠠ ᠶᠢ ᠢᠯᠡᠷᠡᠬᠦᠯᠦᠨ᠎ᠡ︾᠂ ︽ᠦᠯᠢᠭᠡᠷ ᠳᠠᠭᠤᠷᠢᠶᠠᠯ ᠴᠠᠭᠳᠠᠭᠠᠨ ᠤ ᠰᠦᠭ ᠰᠦᠨᠡᠰᠦ ᠶᠢ ᠱᠤᠭᠤᠨ᠎ᠠ︾᠂ ︽ᠢᠷᠠᠭᠤ ᠠᠯᠳᠠᠷ ᠢ ᠵᠠᠯᠭᠠᠮᠵᠢᠯᠠᠨ ᠰᠢᠨ᠎ᠡ ᠠᠶᠠᠨ ᠳᠤ ᠮᠤᠷᠳᠠᠨ᠎ᠠ︾ ᠭᠡᠬᠦ ᠭᠤᠷᠪᠠᠨ ᠪᠦᠯᠦᠭ ᠢᠶᠠᠷ ᠭᠤᠣᠯ ᠰᠡᠳᠦᠪ ᠪᠣᠯᠭᠠᠵᠤ᠂ ᠪᠥᠵᠢᠭ ᠢᠶᠠᠷ ᠦᠨᠡᠨᠴᠢ ᠰᠢᠳᠤᠷᠭᠤ ᠶᠢ ᠢᠯᠡᠷᠡᠭᠦᠯᠵᠦ᠂ ᠦᠢᠯᠡ ᠠᠵᠢᠯᠯᠠᠭ᠎ᠠ ᠪᠠᠷ ᠬᠤᠪᠢ ᠨᠡᠮᠡᠷᠢ ᠶᠢ ᠬᠦᠦᠷᠨᠢᠵᠤ᠂ ᠳᠠᠭᠤᠤ ᠬᠥᠭᠵᠢᠮ ᠢᠶᠠᠷ ᠬᠠᠶᠢᠷ᠎ᠠ ᠰᠡᠳᠬᠢᠯᠭᠡ ᠪᠠᠨ ᠢᠯᠡᠳᠬᠡᠪᠡ᠃
     ᠠᠵᠢᠯᠯᠠᠭ᠎ᠠ ᠲᠤᠮᠳᠠ ᠠᠬᠠᠮᠠᠳ ᠺᠠᠳ᠋ᠷ ᠴᠠᠭᠳᠠᠭ᠎ᠠ ᠤᠨ ᠢᠷᠠᠭᠤ ᠠᠯᠳᠠᠷ ᠲᠠᠢ ᠪᠠᠷ ᠠᠵᠢᠯ ᠠᠴᠠ ᠪᠠᠨ ᠠᠮᠠᠷᠠᠬᠤ ᠶᠣᠰᠣᠯᠠᠯ ᠶᠠᠪᠤᠭᠤᠯᠵᠤ᠂ ︽ᠬᠠᠮᠤᠭ ᠤᠨ ᠭᠤᠶᠤ ᠤᠳᠤᠨ︾  ᠢ ᠬᠥᠬᠢᠭᠦᠯᠦᠨ ᠰᠠᠶᠢᠰᠢᠶᠠᠭᠰᠠᠨ ᠪᠥᠭᠡᠳ ᠲᠡᠳᠡᠨ ᠳᠤ ᠱᠠᠩᠨᠠᠯ ᠤᠨ ᠮᠧᠳᠠᠯ ᠵᠢᠴᠢ ᠰᠣᠷᠭᠤᠭ ᠴᠡᠴᠡᠭ ᠣᠯᠭᠤᠪᠠ᠃ ᠪᠦᠬᠦ᠋ᠢᠯᠡ ᠲᠠᠯᠠᠪᠠᠶ ᠬᠠᠮᠲᠤᠷᠠᠭᠰᠠᠨ ᠲᠣᠭᠯᠠᠯᠲᠠ ᠭᠤᠶᠢᠳᠠ ᠰᠠᠶᠢᠬᠠᠨ ᠶᠠᠪᠤᠬᠳᠠᠵᠤ᠂ ᠠᠯᠠᠭ᠎ᠠ ᠲᠡᠰᠢᠯᠲᠡ ᠶᠢᠨ ᠲᠠᠭᠤᠨ ᠲᠠᠰᠤᠷᠠᠯᠳᠠ ᠦᠬᠡᠢ ᠨᠢᠵᠢᠭᠢᠨᠡᠵᠦ᠂ ᠬᠥᠨᠳᠡᠯᠡᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠠᠵᠢᠯ ᠤᠨ ᠲᠣᠭᠲᠠᠭᠤᠨ ᠢ ᠬᠠᠮᠠᠭᠠᠯᠠᠬᠤ᠂ ᠣᠯᠠᠨ ᠲᠦᠮᠡᠨ ᠳᠤ ᠦᠶᠯᠡᠴᠢᠯᠡᠬᠦ ᠵᠡᠷᠭᠡ ᠠᠵᠢᠯ ᠤᠨ ᠳᠤᠮᠳᠠᠬᠢ ᠦᠨᠡᠨᠴᠢ ᠰᠢᠳᠤᠷᠭᠤ ᠡᠭᠦᠷᠭᠡᠯᠡᠯ ᠪᠠ ᠢᠯᠠᠬᠳᠠᠰᠢ ᠦᠬᠡᠢ ᠴᠡᠷᠢᠭ ᠤᠨ ᠳᠦᠷᠢ ᠲᠥᠷᠬᠦ ᠶᠢ ᠢᠯᠡᠷᠡᠭᠦᠯᠪᠡ᠃
    ᠬᠤᠶᠢᠰᠢᠳᠠ ᠬᠥᠨᠳᠡᠯᠡᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠬᠢᠨ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠰᠢᠨ᠎ᠡ ᠲᠡᠦᠬᠡᠨ ᠴᠠᠭ ᠦᠶ᠎ᠠ᠂ ᠡᠭᠦᠷᠭᠡ ᠬᠠᠷᠢᠭᠤᠴᠠᠯᠭ᠎ᠠ ᠶᠢ ᠭᠦᠨᠵᠡᠭᠡᠢ ᠡᠵᠡᠮᠳᠡᠵᠦ᠂ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠨ ᠨᠠᠮ ᠪᠣᠯᠤᠨ ᠠᠷᠠᠳ ᠲᠦᠮᠡᠨ ᠤ ᠰᠢᠳᠤᠷᠭᠤ ᠬᠠᠮᠠᠭᠠᠯᠠᠭᠴᠢ ᠪᠤᠯᠵᠤ᠂ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠢᠶᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠳᠠ ᠶᠢᠨ ᠬᠥᠨᠳᠡᠯᠡᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠦᠴᠢᠷ ᠤᠨ ᠬᠦᠴᠦᠨ ᠴᠢᠳᠠᠯ ᠢᠶᠠᠨ ᠡᠷᠭᠦᠨ᠎ᠡ  ᠃ ︵ᠰᠤᠷᠪᠤᠯᠵᠢᠯᠠᠭᠴᠢ᠄ ᠭᠤᠤ ᠵᠢᠶᠠ ᠲᠦᠩ᠂ ᠵᠠᠩ ᠯᠸᠢ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号