ᠨᠠᠰᠤᠵᠢᠯ ᠤᠨ ᠠᠰᠠᠷᠠᠮᠵᠢ ᠶᠢᠨ ᠤᠶᠢᠯᠡᠴᠢᠯᠡᠭᠡᠨ ᠤ ᠬᠦᠷᠢᠶᠡᠨ ᠳᠤ ᠴᠢᠬᠤᠯᠠ ᠰᠠᠶᠢᠨ ᠴᠢᠮᠡᠭᠡ | ᠳᠤᠭᠤᠯᠳᠠᠯ᠎ᠠ︕ 1 ᠰᠠᠷ᠎ᠠ ᠶᠢᠨ 7 ᠤ ᠡᠳᠦᠷ᠂ ︽ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠥᠭᠡᠷᠡᠴᠢᠯᠡᠯᠲᠡ ᠬᠥᠭᠵᠢᠯᠲᠡ ᠶᠢ ᠭᠦᠨᠵᠡᠭᠡᠶᠢᠷᠡᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ᠢ ᠨᠡᠶᠢᠲᠡᠯᠡᠪᠡ᠃ ᠡᠨᠡ ᠪᠣᠯ ᠮᠠᠨ ᠤ ᠤᠯᠤᠰ ᠠᠩᠬ᠎ᠠ | ᠤᠳᠠᠭ᠎ᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠨᠡᠷ᠎ᠡ ᠪᠠᠷ ᠨᠠᠰᠤᠵᠢᠯ ᠤᠨ | ᠠᠰᠠᠷᠠᠮᠵᠢ ᠶᠢᠨ ᠤᠶᠢᠯᠡᠴᠢᠯᠡᠭᠡᠨ ᠤ ᠠᠵᠢᠯ ᠤᠨ ᠲᠤᠬᠠᠶ ᠰᠠᠨᠠᠯ ᠢ ᠳᠠᠷᠤᠮᠠᠯᠯᠠᠨ ᠲᠠᠷᠬᠠᠭᠠᠵᠤ ᠪᠠᠶᠢᠭ᠎ᠠ ᠶᠠᠪᠤᠳᠠᠯ | ᠪᠣᠯᠤᠨ᠎ᠠ᠃ ᠰᠠᠨᠠᠯ ᠳᠤ ᠨᠠᠰᠤᠵᠢᠯ ᠤᠨ ᠠᠰᠠᠷᠠᠮᠵᠢ ᠶᠢᠨ ᠤᠶᠢᠯᠡᠴᠢᠯᠡᠭᠡᠨ ᠤ ᠰᠦᠯᠵᠢᠶ᠎ᠡ᠂ ᠤᠶᠢᠯᠡᠴᠢᠯᠡᠭᠡᠨ ᠤ ᠬᠡᠯᠪᠡᠷᠢ | ᠵᠡᠷᠭᠡ ᠲᠠᠯ᠎ᠠ ᠪᠠᠷ ᠬᠠᠷᠠᠯᠲᠠ ᠪᠠ ᠠᠷᠭ᠎ᠠ ᠵᠠᠮ ᠳᠤᠷᠠᠳᠴᠤ᠂ 3 ᠳ᠋ᠦᠩᠰᠢᠭᠤᠷ ᠰᠢᠬᠠᠮ ᠨᠠᠰᠤᠲᠠᠶᠢᠴᠤᠳ ᠤᠨ | ᠥᠲᠡᠯᠦᠭᠡ ᠨᠠᠰᠤᠨ ᠳᠠᠭᠠᠨ ᠠᠰᠠᠷᠠᠮᠵᠢ ᠲᠠᠢ᠂ ᠵᠣᠯ ᠵᠢᠷᠭᠠᠯ ᠲᠠᠢ ᠥᠲᠡᠯᠦᠭᠡ ᠨᠠᠰᠤ ᠪᠠᠨ ᠥᠩᠭᠡᠷᠡᠭᠦᠯᠬᠦ ᠶᠢ ᠨᠠᠩ | ᠰᠠᠶᠢᠲᠤᠷ ᠪᠠᠲᠤᠯᠠᠬᠤ ᠪᠤᠯᠤᠨ᠎ᠠ᠃ ᠡᠨᠡ ᠪᠣᠯ ᠨᠡᠶᠢᠭᠡᠮ ᠤᠨ ᠡᠶ᠎ᠡ ᠵᠤᠬᠢᠴᠠᠩᠭᠤᠢ ᠲᠣᠭᠲᠠᠭᠤᠨ ᠪᠠᠶᠢᠳᠠᠯ᠂ ᠤᠯᠤᠰ | ᠣᠷᠣᠨ ᠤ ᠬᠥᠭᠵᠢᠯᠲᠡ ᠶᠢᠨ ᠪᠦᠬᠦ ᠲᠠᠯ᠎ᠠ ᠳᠤ ᠬᠤᠯᠪᠣᠭᠳᠠᠬᠤ ᠶᠡᠭᠡ ᠶᠠᠪᠤᠳᠠᠯ᠂ ᠴᠢᠬᠤᠯᠠ ᠶᠠᠪᠤᠳᠠᠯ ᠮᠥᠨ᠃ | ᠰᠠᠨᠠᠯ ᠤᠨ ᠰᠢᠨ᠎ᠡ ᠭᠡᠳᠡᠭ ᠨᠢ ᠶᠠᠭᠤ ᠪᠤᠯᠬᠤ ᠪᠤᠢ︖ ᠰᠠᠨᠠᠯ ᠳᠤ ᠠᠩᠬ᠎ᠠ ᠤᠳᠠᠭ᠎ᠠ ᠮᠠᠨ ᠤ ᠤᠯᠤᠰ ᠤᠨ | ᠤᠯᠤᠰ ᠤᠨ ᠪᠠᠶᠢᠳᠠᠯ ᠳᠤ ᠳᠣᠭᠢᠷᠠᠬᠤ ᠨᠠᠰᠤᠵᠢᠯ ᠤᠨ ᠠᠰᠠᠷᠠᠮᠵᠢ ᠶᠢᠨ ᠤᠶᠢᠯᠡᠴᠢᠯᠡᠭᠡᠨ ᠤ ᠰᠢᠰᠲ᠋ᠧᠮ ᠨᠢ ᠶᠠᠭᠤ ᠪᠣᠯᠬᠤ | ᠲᠤᠬᠠᠢ ᠲᠤᠳᠤᠷᠬᠠᠢ ᠬᠠᠷᠢᠭᠤᠯᠳᠠ ᠦᠭᠴᠡᠢ — ᠲᠠᠰ ᠲᠥᠷᠥᠯ ᠬᠤᠪᠢᠶᠠᠵᠦ᠂ ᠲᠦᠭᠡᠮᠡᠯ ᠬᠠᠷᠠᠭᠠᠯᠵᠠᠯ | ᠬᠦᠷᠳᠡᠭᠡᠬᠦ᠂ ᠬᠤᠲᠠ ᠬᠥᠳᠡᠭᠡ ᠶᠢ ᠬᠠᠮᠤᠷᠤᠭᠰᠠᠨ᠂ ᠦᠷᠭᠦᠯᠵᠢᠯᠡᠨ ᠬᠥᠭᠵᠢᠬᠦ ᠨᠠᠰᠤᠵᠢᠯ ᠤᠨ ᠠᠰᠠᠷᠠᠮᠵᠢ ᠶᠢᠨ | ᠤᠶᠢᠯᠡᠴᠢᠯᠡᠭᠡᠨ ᠤ ᠰᠢᠰᠲ᠋ᠧᠮ ᠪᠤᠯᠤᠨ᠎ᠠ ᠬᠡᠪᠡ᠃ ᠰᠠᠨᠠᠯ ᠳᠤ ᠠᠩᠬ᠎ᠠ ᠤᠳᠠᠭ᠎ᠠ ᠬᠤᠲᠠ ᠬᠥᠳᠡᠭᠡ ᠶᠢ ᠬᠠᠮᠤᠷᠤᠭᠰᠠᠨ | ᠭᠤᠷᠪᠠᠨ ᠱᠠᠲᠤᠨ ᠤ ᠨᠠᠰᠤᠵᠢᠯ ᠤᠨ ᠠᠰᠠᠷᠠᠮᠵᠢ ᠶᠢᠨ ᠤᠶᠢᠯᠡᠴᠢᠯᠡᠭᠡᠨ ᠤ ᠰᠦᠯᠵᠢᠶ᠎ᠡ ᠶᠢ ᠲᠦᠷᠭᠡᠨ ᠪᠦᠷᠢᠨᠰᠢᠬᠦᠯᠤᠨ᠎ᠠ | ᠭᠡᠵᠦ ᠳᠤᠷᠠᠳᠴᠠᠶ — ᠰᠢᠶᠠᠨ ᠤ ᠱᠠᠲᠤᠨ ᠤ ᠶᠡᠷᠦᠩᠬᠡᠶᠢᠯᠡᠭᠰᠡᠨ ᠨᠠᠰᠤᠵᠢᠯ ᠤᠨ ᠠᠰᠠᠷᠠᠮᠵᠢ ᠶᠢᠨ ᠤᠶᠢᠯᠡᠴᠢᠯᠡᠭᠡᠨ ᠤ | ᠬᠠᠮᠢᠶᠠᠷᠤᠯᠲᠠ ᠶᠢᠨ ᠲᠠᠪᠴᠠᠩ ᠨᠢ ᠵᠢᠱᠢᠶ᠎ᠡ ᠦᠵᠡᠭᠦᠯᠦᠨ ᠵᠢᠯᠣᠭᠤᠳᠬᠤ ᠵᠡᠷᠭᠡ ᠤᠶᠢᠯᠡᠳᠦᠯ ᠢᠶᠠᠨ ᠪᠠᠳᠠᠷᠠᠭᠤᠯᠵᠤ᠂ | ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠣᠷᠣᠨ ᠪᠦᠰᠡ ᠶᠢᠨ ᠨᠠᠰᠤᠵᠢᠯ ᠤᠨ ᠠᠰᠠᠷᠠᠮᠵᠢ ᠶᠢᠨ | ᠤᠶᠢᠯᠡᠴᠢᠯᠡᠭᠡᠨ ᠤ ᠲᠥᠪ ᠨᠢ ᠬᠦ᠊ ᠵᠰᠦ ᠪᠤᠯᠬᠤ ᠤᠶᠢᠯᠡᠳᠦᠯ ᠢᠶᠠᠨ ᠪᠠᠳᠠᠷᠠᠭᠤᠯᠵᠤ᠂ ᠲᠣᠰᠬᠤᠨ ︵ᠨᠡᠶᠢᠭᠡᠮ | ᠲᠣᠭᠤᠷᠢᠭ︶ ᠤ ᠨᠠᠰᠤᠵᠢᠯ ᠤᠨ ᠠᠰᠠᠷᠠᠮᠵᠢ ᠶᠢᠨ ᠤᠶᠢᠯᠡᠴᠢᠯᠡᠭᠡᠨ ᠤ ᠲᠥᠬᠦᠭᠡᠷᠦᠮᠵᠢ ᠥᠷᠲᠡᠭᠡ ᠴᠡᠭ ᠨᠢ | ᠨᠠᠰᠤᠲᠠᠶᠢᠴᠤᠳ ᠲᠤ ᠣᠶᠢᠷᠠᠳᠬᠤ ᠳᠠᠪᠠᠭᠤᠯᠢᠭ ᠢᠶᠠᠨ ᠪᠠᠳᠠᠷᠠᠭᠤᠯᠵᠤ᠂ ᠪᠦᠬᠦ᠋ᠢᠯᠡ ᠰᠢᠶᠠᠨ ︵ᠲᠣᠭᠤᠷᠢᠭ︶ ᠤ | ᠬᠡᠪᠴᠢᠶᠡᠨ ᠳᠠᠬᠢ ᠨᠠᠰᠤᠵᠢᠯ ᠤᠨ ᠠᠰᠠᠷᠠᠮᠵᠢ ᠶᠢᠨ ᠲᠥᠬᠦᠭᠡᠷᠦᠮᠵᠢ ᠶᠢ ᠴᠡᠭ ᠲᠠᠢ ᠬᠤᠯᠪᠣᠨ ᠰᠦᠯᠵᠢᠶᠡᠵᠢᠬᠦᠯᠵᠤ᠂ | ᠦᠢᠯᠡᠴᠢᠯᠡᠭᠡ ᠶᠢ ᠨᠠᠩ ᠳᠥᠭᠦᠮ ᠳᠥᠲᠡ ᠪᠣᠯᠭᠠᠨ᠎ᠠ ᠭᠡᠪᠡ᠃ ᠰᠠᠨᠠᠯ ᠳᠤ ᠠᠩᠬ᠎ᠠ ᠤᠳᠠᠭ᠎ᠠ ᠨᠠᠰᠤᠵᠢᠯ ᠤᠨ | ᠠᠰᠠᠷᠠᠮᠵᠢ ᠶᠢᠨ ᠪᠠᠶᠢᠭᠤᠯᠤᠮᠵᠢ ᠶᠢᠨ ᠲᠥᠷᠥᠯ ᠬᠤᠪᠢᠶᠠᠭᠰᠠᠨ ᠥᠭᠡᠷᠡᠴᠢᠯᠡᠯᠲᠡ ᠶᠢᠨ ᠲᠤᠬᠠᠢ ᠲᠤᠷᠠᠳᠴᠠᠢ — | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ ᠦᠨᠳᠦᠰᠦᠨ ᠵᠦᠢᠯ ᠢ ᠪᠠᠲᠤᠯᠠᠬᠤ ᠬᠡᠯᠪᠡᠷᠢ ᠶᠢᠨ᠂ ᠲᠦᠭᠡᠮᠡᠯ | ᠬᠠᠷᠠᠭᠠᠯᠵᠠᠯᠲᠤ ᠳᠡᠮᠵᠢᠯᠭᠡ ᠶᠢᠨ ᠬᠡᠯᠪᠡᠷᠢ ᠶᠢᠨ᠂ ᠪᠦᠷᠢᠨ ᠵᠠᠬ᠎ᠠ ᠳᠡᠯᠭᠡᠭᠦᠷ ᠤᠨ ᠬᠡᠯᠪᠡᠷᠢ ᠶᠢᠨ ᠭᠡᠵᠦ ᠬᠤᠪᠢᠶᠠᠬᠤ ᠶᠢ | ᠠᠩᠬ᠎ᠠ ᠤᠳᠠᠭ᠎ᠠ ᠲᠤᠳᠤᠷᠬᠠᠶᠢᠯᠠᠵᠤ᠂ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠲᠠᠢ᠂ ᠵᠠᠪᠠᠯ ᠤᠶᠢᠯᠡᠴᠢᠯᠡᠭᠡ | ᠪᠠᠶᠢᠬᠤ᠂ ᠲᠦᠭᠡᠮᠡᠯ ᠬᠠᠷᠠᠭᠠᠯᠵᠠᠯᠲᠤ ᠬᠠᠩᠭᠠᠯᠭ᠎ᠠ ᠲᠠᠢ᠂ ᠵᠠᠬ᠎ᠠ ᠳᠡᠯᠭᠡᠭᠦᠷ ᠤᠨ ᠰᠣᠩᠭᠤᠯᠲᠠ ᠲᠠᠢ ᠤᠶᠢᠯᠡᠴᠢᠯᠡᠭᠡᠨ ᠤ | ᠪᠠᠶᠢᠷᠢᠰᠢᠯ ᠢ ᠪᠣᠶ ᠪᠣᠯᠭᠠᠬᠤ ᠶᠢ ᠠᠬᠢᠭᠤᠯᠤᠨ᠎ᠡ ᠬᠡᠪᠡ᠃ |