1 ᠰᠠᠷ᠎ᠠ ᠶᠢᠨ 11 ᠤ ᠡᠳᠦᠷ᠂ ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨ ᠳᠣᠯᠣᠳᠤᠭᠠᠷ ᠬᠤᠷᠠᠯ | ᠬᠤᠷᠠᠯᠳᠤᠭᠤᠯᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠬᠢᠯᠡᠭᠴᠢ ᠵᠧᠤ ᠮᠢᠨ ᠵᠢᠶᠧ᠂ ᠳᠡᠳ᠋ ᠡᠷᠬᠢᠯᠡᠭᠴᠢ ᠬᠤ᠋ ᠰᠢᠶᠠ᠂ ᠸᠠᠩ ᠸᠧᠶ᠂ ᠯᠢᠦ ᠯᠢ ᠰᠢᠶᠠ᠂ | ᠬᠠᠰᠪᠢᠯᠢᠭ᠌ ᠵᠢᠴᠢ ᠭᠡᠰᠢᠭᠦᠨ ᠨᠡᠶᠢᠲᠡ 23 ᠬᠥᠮᠦᠨ ᠬᠤᠷᠠᠯ ᠳᠤ ᠣᠷᠣᠯᠴᠠᠵᠠᠶ᠃ ᠵᠧᠤ ᠮᠢᠨ ᠵᠢᠶᠧ ᠬᠤᠷᠠᠯ ᠢ | ᠡᠷᠭᠢᠯᠡᠪᠡ᠃ | | ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠤ ᠲᠤᠭᠤᠷᠢᠭ ᠤᠨ ᠪᠠᠶᠢᠩᠭᠤ ᠶᠢᠨ ᠳᠡᠳ᠋ ᠳᠠᠷᠤᠭ᠎ᠠ ᠸᠠᠩ ᠸᠧᠶ᠂ ᠲᠣᠭᠤᠷᠢᠭ ᠤᠨ ᠠᠷᠠᠳ ᠤᠨ ᠰᠢᠭᠦᠬᠦ | ᠬᠤᠷᠢᠶᠠᠨ ᠤ ᠳᠠᠷᠤᠭ᠎ᠠ ᠯᠢᠦ ᠬᠤᠶ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ | ᠯᠢᠦ ᠵᠢᠶᠦ᠋ᠩ᠂ ᠲᠣᠭᠤᠷᠢᠭ ᠤᠨ ᠬᠢᠨᠠᠨ ᠪᠠᠶᠢᠴᠠᠭᠠᠬᠤ ᠵᠥᠪᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ | ᠰᠤᠯᠠ ᠣᠷᠣᠯᠴᠠᠵᠠᠶ᠃ | ᠬᠤᠷᠠᠯ ᠠᠴᠠ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠦᠯᠦᠬᠡᠯᠡᠭᠴᠢ ᠶᠢ ᠨᠥᠬᠦᠨ ᠰᠤᠩᠭᠤᠬᠰᠠᠨ ᠲᠥᠯᠥᠭᠡᠯᠡᠭᠴᠢ ᠶᠢᠨ ᠬᠢᠷᠢ ᠬᠡᠮ ᠢ ᠬᠢᠨᠠᠨ | ᠪᠠᠶᠢᠴᠠᠭᠠᠭᠰᠠᠨ ᠲᠤᠬᠠᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠲᠦᠯᠦᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠦᠪᠯᠡᠯ ᠤᠨ ᠮᠡᠳᠡᠭᠦᠯᠦᠯᠲᠡ ︵ᠲᠥᠰᠦᠯ︶᠂ | ᠲᠤᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠠᠪᠤᠳᠤᠭᠠᠷ ᠬᠤᠷᠠᠯ ᠢ ᠬᠤᠷᠠᠯᠳᠤᠭᠤᠯᠬᠤ ᠲᠤᠬᠠᠢ ᠲᠣᠭᠲᠠᠭᠠᠯ ︵ᠲᠥᠰᠦᠯ︶ ᠢ ᠬᠢᠨᠠᠨ ᠵᠥᠪᠯᠡᠵᠦ ᠪᠠᠲᠤᠯᠠᠪᠠ᠃ | ᠬᠤᠷᠠᠯ ᠠᠴᠠ ᠲᠤᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠵᠥᠪᠯᠡᠬᠦ ᠵᠦᠶᠯ᠂ ᠡᠳᠦᠷ ᠤᠨ ᠳᠠᠷᠠᠭᠠᠯᠠᠯ᠂ ᠲᠡᠷᠢᠭᠦᠯᠡᠭᠴᠢᠳ ᠤᠨ | ᠪᠦᠯᠬᠦᠮ ᠪᠣᠯᠤᠨ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ᠂ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ | ᠲᠡᠷᠢᠭᠦᠯᠡᠭᠴᠢᠳ ᠤᠨ ᠨᠡᠷᠡᠰ᠂ ᠭᠦᠶᠴᠡᠳᠬᠡᠭᠴᠢ ᠲᠡᠷᠢᠭᠦᠯᠡᠭᠴᠢ ᠶᠢᠨ ᠳᠤᠭᠤᠶᠢᠯᠠᠩ ᠬᠤᠪᠢᠶᠠᠭᠰᠠᠨ ᠨᠡᠷᠡᠰ᠂ ᠳᠡᠳ᠋ | ᠨᠠᠷᠢᠨ ᠪᠢᠴᠢᠭ ᠤᠨ ᠳᠠᠷᠤᠭ᠎ᠠ ᠶᠢᠨ ᠨᠡᠷᠡᠰ᠂ ᠰᠠᠨᠠᠯ ᠵᠥᠪᠯᠡᠯᠭᠡ ᠶᠢ ᠪᠠᠲᠤᠯᠠᠬᠤ ᠠᠷᠭ᠎ᠠ᠂ ᠲᠥᠯᠥᠭᠡᠯᠡᠭᠴᠢᠳ ᠤᠨ | ᠰᠠᠨᠠᠯ ᠵᠥᠪᠯᠡᠯᠭᠡ ᠳᠤᠷᠠᠳᠬᠤ ᠡᠴᠦᠰ ᠤᠨ ᠴᠠᠭ ᠤᠨ ᠬᠢᠵᠠᠭᠠᠷ ᠤᠨ ᠲᠤᠬᠠᠶ ᠲᠣᠭᠲᠠᠭᠠᠯ᠂ ᠰᠠᠨᠠᠯ ᠵᠥᠪᠯᠡᠯᠭᠡ ᠶᠢ | ᠬᠢᠨᠠᠨ ᠪᠠᠶᠢᠴᠠᠭᠠᠬᠤ ᠵᠥᠪᠯᠡᠯ ᠤᠨ ᠪᠦᠷᠢᠯᠳᠦᠬᠦᠨ ᠤ ᠨᠡᠷᠡᠰ᠂ ᠰᠤᠯᠠ ᠣᠷᠣᠯᠴᠠᠬᠤ ᠬᠥᠮᠦᠰ ᠤᠨ ᠨᠡᠷᠡᠰ᠂ | ᠪᠦᠯᠬᠦᠮ ᠤᠨ ᠳᠠᠷᠤᠭ᠎ᠠ ᠪᠠ ᠳᠡᠳ᠋ ᠪᠦᠯᠬᠦᠮ ᠤᠨ ᠳᠠᠷᠤᠭ᠎ᠠ ᠶᠢᠨ ᠨᠡᠷᠡᠰ᠂ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠲᠥᠷᠥᠯ ᠵᠦᠶᠯ ᠳᠤ ᠬᠢᠨᠠᠯᠲᠠ ᠲᠠᠯᠪᠢᠬᠤ ᠠᠵᠢᠯ ᠤᠨ ᠲᠤᠰᠬᠠᠶ ᠠᠵᠢᠯ ᠤᠨ ᠮᠡᠳᠡᠭᠦᠯᠦᠯᠲᠡ᠂ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠢᠯᠧᠲ ᠦᠭᠴᠦ ᠲᠣᠭᠲᠠᠭᠠᠬᠤ ᠠᠷᠭ᠎ᠠ᠂ ᠰᠣᠩᠭᠤᠭᠤᠯᠢ ᠶᠢᠨ | ᠠᠷᠭ᠎ᠠ ︵ᠲᠥᠰᠦᠯ︶ ᠪᠣᠯᠤᠨ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ︵ᠲᠥᠰᠦᠯ︶ ᠶᠢ ᠬᠢᠨᠠᠨ ᠵᠥᠪᠯᠡᠵᠦ ᠪᠠᠲᠤᠯᠠᠪᠠ᠃ ︵ | ᠰᠤᠷᠪᠤᠯᠵᠢᠯᠠᠭᠴᠢ᠄ ᠭᠤᠤ ᠵᠢᠶᠠ ᠲᠦᠩ ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠭᠡᠷ︶ |