︽ᠬᠥᠨᠳᠡᠯᠡᠨ ᠲᠣᠭᠤᠷᠢᠭ ᠤᠨ 2025 ᠣᠨ ᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠲᠥᠷᠥᠯ ᠵᠦᠶᠯ ᠤᠨ ᠠᠵᠢᠯ ᠤᠨ ᠬᠡᠷᠡᠭᠵᠢᠭᠦᠯᠬᠦ ᠲᠥᠰᠦᠯ︾ ᠤᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2025/1/16
    ᠲᠣᠭᠲᠠᠭᠠᠭᠰᠠᠨ ᠠᠬᠤᠶ ᠪᠠᠶᠢᠳᠠᠯ     2025 ᠣᠨ ᠳᠤ ᠪᠥᠬᠦ ᠲᠤᠭᠤᠷᠢᠭ ᠤᠨ ᠬᠢᠨ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ︽ᠠᠷᠠᠳ ᠤᠨ ᠬᠤᠲᠠ ᠪᠠᠨ ᠠᠷᠠᠳ ᠲᠦᠮᠡᠨ ᠪᠠᠶᠢᠭᠤᠯᠬᠤ᠂ ᠠᠷᠠᠳ ᠤᠨ ᠬᠤᠲᠠ ᠨᠢ ᠠᠷᠠᠳ ᠲᠦᠮᠡᠨ ᠤ ᠲᠥᠯᠥᠭᠡ︾ ᠬᠥᠭᠵᠢᠯᠲᠡ ᠶᠢᠨ ᠤᠶᠢᠯᠠᠭᠠᠬᠳᠠᠬᠤᠨ ᠢ ᠪᠠᠷᠢᠮᠲᠠᠯᠠᠨ᠂ ᠡᠯ᠎ᠡ ᠡᠲᠡᠭᠡᠳ ᠤᠨ ᠬᠢᠨ ᠤ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ ᠬᠠᠯᠠᠮᠰᠢᠯ ᠠᠰᠠᠭᠤᠳᠠᠯ ᠤᠨ ᠲᠣᠭᠤᠷᠢᠨ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠲᠥᠷᠥᠯ ᠤᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠪᠣᠯᠤᠨ ᠣᠳᠣᠬᠠᠨ ᠤ ᠬᠤᠲᠠ ᠶᠢᠨ ᠬᠥᠭᠵᠢᠯᠲᠡ ᠶᠢᠨ ᠬᠡᠷᠡᠭᠴᠡᠭᠡ ᠲᠠᠢ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃     ᠲᠣᠭᠲᠠᠭᠠᠭᠰᠠᠨ ᠦᠨᠳᠦᠰᠦᠯᠡᠯ     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠵᠢᠴᠢ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠭᠤᠣᠯ ᠠᠵᠢᠯ ᠳᠤ ᠠᠩᠬᠠᠷᠤᠯ ᠢᠶᠠᠨ    ᠲᠦᠪᠯᠡᠷᠡᠬᠦᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠴᠢᠨᠠᠷ ᠰᠠᠶᠢᠲᠠᠶ ᠬᠥᠭᠵᠢᠯᠲᠡ ᠬᠡᠬᠦ ᠭᠤᠤᠯ ᠰᠡᠳᠦᠪ ᠢ ᠳᠣᠪᠤᠶᠢᠯᠭᠠᠨ᠂ ︽ᠴᠢᠳᠠᠯ ᠤᠨ ᠢᠶᠠᠨ ᠬᠢᠷᠢ ᠪᠠᠷ ᠬᠢᠬᠦ᠂ ᠴᠢᠳᠠᠯ ᠢᠶᠠᠷ ᠢᠶᠠᠨ ᠴᠢᠷᠮᠠᠶᠢᠬᠤ︾ ᠶᠢ ᠪᠠᠷᠢᠮᠳᠠᠯᠠᠵᠤ᠂ ᠬᠤᠳᠠ ᠶᠢ ᠰᠢᠨᠡᠳᠬᠡᠬᠦ ᠶᠢ ᠢᠳᠡᠪᠬᠢᠲᠡᠢ ᠠᠬᠢᠭᠤᠯᠵᠤ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠦᠨ᠎ᠡ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠲᠠᠰᠤᠷᠠᠯᠲᠠ ᠦᠭᠡᠢ ᠬᠠᠩᠭᠠᠵᠤ᠂ ᠬᠤᠲᠠ ᠶᠢᠨ ᠦᠢᠯᠡᠳᠦᠯ ᠴᠢᠳᠠᠮᠵᠢ ᠶᠢ ᠲᠡᠭᠦᠯᠳᠡᠷᠵᠢᠭᠦᠯᠦᠨ᠂ ᠬᠤᠲᠠ ᠶᠢᠨ ᠲᠣᠭᠤᠷᠢᠭ ᠤᠨ ᠴᠢᠨᠠᠷ ᠴᠢᠨᠰᠠᠭ᠎ᠠ ᠳᠡᠰ ᠢ ᠳᠡᠭᠡᠭᠰᠢᠯᠡᠭᠦᠯᠵᠤ᠂ ᠠᠮᠢ ᠠᠬᠤᠢ ᠣᠷᠴᠢᠨ ᠲᠤᠭᠤᠷᠢᠨ ᠨᠡᠩ ᠰᠢᠯᠢᠳᠡᠭ ᠰᠠᠶᠢᠨ᠂ ᠨᠡᠶᠢᠭᠡᠮ ᠤᠨ ᠵᠠᠰᠠᠯᠲᠠ ᠨᠠᠩ ᠥᠨᠳᠥᠷ ᠪᠦᠲᠦᠮᠵᠢᠲᠡᠶ᠂ ᠠᠷᠠᠳ ᠤᠨ ᠠᠮᠢᠳᠤᠷᠠᠯ ᠨᠠᠩ ᠵᠣᠯ ᠵᠢᠷᠭᠠᠯ ᠲᠠᠢ ᠦᠵᠡᠰᠬᠦᠯᠡᠩᠲᠦ ᠰᠠᠶᠢᠬᠠᠨ ᠬᠥᠨᠳᠡᠯᠡᠨ ᠲᠣᠭᠤᠷᠢᠭ ᠢ  ᠴᠢᠷᠮᠠᠶᠢᠨ ᠪᠦᠳᠦᠬᠡᠨ ᠪᠠᠶᠢᠭᠤᠯᠤᠨ᠎ᠠ᠃      ᠭᠤᠣᠯ ᠠᠭᠤᠯᠭ᠎ᠠ     ︽ᠬᠡᠷᠡᠭᠵᠢᠭᠦᠯᠬᠦ ᠲᠥᠰᠦᠯ︾ ᠨᠢ ᠵᠢᠯᠣᠭᠤᠳᠬᠤ ᠦᠵᠡᠯ ᠰᠠᠨᠠᠭ᠎ᠠ᠂ ᠠᠵᠢᠯ ᠤᠨ ᠬᠠᠷᠠᠯᠲᠠ᠂ ᠭᠤᠤᠯᠳᠠᠯᠭ᠎ᠠ ᠲᠠᠢ ᠡᠭᠦᠷᠭᠡ ᠵᠢᠴᠢ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠂ ᠬᠡᠷᠡᠭᠵᠢᠭᠦᠯᠬᠦ ᠠᠯᠬᠤᠮ ᠳᠠᠷᠠᠭ᠎ᠠ᠂ ᠠᠵᠢᠯ ᠤᠨ ᠱᠠᠭᠠᠷᠳᠠᠯᠭ᠎ᠠ ᠵᠡᠷᠭᠡ ᠲᠠᠪᠤᠨ ᠬᠡᠰᠡᠭ ᠢᠶᠠᠷ ᠪᠦᠷᠢᠯᠳᠦᠵᠦ᠂ 2025 ᠣᠨ ᠳᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠲᠥᠷᠥᠯ ᠵᠦᠶᠯ ᠤᠨ 7 ᠶᠡᠭᠡ ᠲᠥᠷᠥᠯ 35 ᠵᠦᠶᠯ ᠢ ᠬᠡᠷᠡᠭᠵᠢᠭᠦᠯᠬᠦ ᠪᠠᠷ ᠲᠥᠯᠥᠪᠯᠡᠵᠦ ᠪᠣᠶ᠂ ᠲᠣᠰ ᠲᠣᠰ ᠵᠠᠰᠠᠮᠠᠯ ᠵᠠᠮ ᠱᠤᠭᠤᠮ ᠤᠨ ᠬᠤᠭᠤᠯᠠᠶ ᠶᠢᠨ ᠲᠤᠤᠷ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ᠂ ᠬᠤᠲᠠ ᠶᠢᠨ ᠪᠡᠶ᠎ᠡ ᠶᠢᠨ ᠪᠠᠶᠢᠴᠠᠭᠠᠯᠲᠠ ᠵᠢᠴᠢ ᠰᠢᠨᠡᠳᠬᠡᠬᠦ ᠢᠨᠵᠧᠨᠧᠷᠢᠩ᠂ ᠴᠡᠴᠡᠷᠯᠢᠭᠵᠢᠭᠦᠯᠦᠨ ᠨᠣᠭᠤᠭᠠᠷᠠᠭᠤᠯᠬᠤ ᠬᠠᠮᠢᠶᠠᠷᠤᠨ ᠠᠷᠠᠴᠢᠯᠠᠬᠤ ᠶᠢ ᠳᠡᠭᠡᠭᠰᠢᠯᠡᠭᠦᠯᠬᠦ᠂ ᠬᠠᠭᠤᠴᠢᠨ ᠬᠤᠷᠢᠶᠠᠯᠠᠯ ᠢ ᠦᠬᠡᠷᠡᠴᠢᠯᠡᠨ ᠰᠢᠨᠡᠳᠬᠡᠬᠦ ᠢᠨᠵᠧᠨᠧᠷᠢᠩ᠂ ᠭᠡᠷᠡᠯᠲᠦᠭᠦᠯᠭᠡ ᠭᠤᠶᠤᠵᠢᠭᠤᠯᠤᠯᠲᠠ ᠶᠢᠨ ᠢᠨᠵᠧᠨᠧᠷᠢᠩ᠂ ᠭᠠᠵᠠᠷ ᠰᠢᠷᠣᠶ ᠶᠢ ᠡᠮᠬᠢᠯᠡᠨ ᠡᠵᠡᠩᠨᠡᠯᠳᠡ ᠶᠢᠨ ᠡᠷᠬᠡ ᠶᠢ ᠰᠢᠯᠵᠢᠬᠦᠯᠬᠦ ᠵᠢᠴᠢ ᠯᠢᠨ ᠨᠠᠨ ᠨᠡᠶᠢᠭᠡᠮ ᠲᠣᠭᠤᠷᠢᠭ ᠤᠨ ᠲᠡᠷᠭᠡᠨ ᠥᠷᠲᠡᠭᠡ ᠶᠢᠨ ᠬᠠᠭᠤᠴᠢᠨ ᠪᠠᠶᠢᠰᠢᠩ ᠢ ᠦᠬᠡᠷᠡᠴᠢᠯᠡᠨ ᠪᠠᠶᠢᠭᠤᠯᠬᠤ ᠢᠨᠵᠧᠨᠧᠷᠢᠩ᠂ ᠭᠡᠷ ᠪᠠᠶᠢᠰᠢᠩ    ᠭᠠᠵᠠᠷ ᠤᠨ ᠬᠥᠷᠥᠩᠭᠡ ᠶᠢᠨ ᠨᠡᠬᠡᠬᠡᠨ ᠬᠦᠭᠵᠢᠬᠦᠯᠬᠦ ᠢᠨᠵᠧᠨᠧᠷᠢᠩ ᠪᠣᠯᠤᠨ᠎ᠠ᠃ ᠵᠢᠱᠢᠯᠲᠡ ᠪᠠᠷ ᠶᠡᠷᠦᠩᠬᠡᠶ ᠪᠠᠯᠠ ᠣᠷᠣᠭᠤᠯᠤᠯᠲᠠ 38.66 ᠳ᠋ᠦᠩᠰᠢᠭᠤᠷ ᠲᠥᠭᠦᠷᠢᠭ᠂ ᠡᠭᠦᠨ ᠳᠤ ᠲᠤᠭᠤᠷᠢᠭ ᠤᠨ ᠲᠣᠰ ᠱᠠᠲᠤᠨ ᠤ ᠪᠠᠯᠠ ᠣᠷᠣᠭᠤᠯᠤᠯᠲᠠ 3.16 ᠳ᠋ᠦᠩᠰᠢᠭᠤᠷ ᠲᠥᠭᠦᠷᠢᠭ᠂ ᠲᠤᠭᠤᠷᠢᠭ ᠤᠨ ᠲᠣᠰ ᠱᠠᠲᠤᠨ ᠤ ᠪᠤᠰᠤ ᠪᠠᠯᠠ ᠣᠷᠣᠭᠤᠯᠤᠯᠲᠠ 35.49 ᠳ᠋ᠦᠩᠰᠢᠭᠤᠷ ᠲᠥᠭᠦᠷᠢᠭ ᠪᠠᠭᠲᠠᠨ᠎ᠠ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号