ᠲᠣᠭᠲᠠᠭᠠᠭᠰᠠᠨ ᠠᠬᠤᠶ ᠪᠠᠶᠢᠳᠠᠯ | ᠪᠥᠬᠦ ᠲᠤᠭᠤᠷᠢᠭ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠥᠷᠥᠯ ᠵᠦᠶᠯ ᠤᠨ ᠪᠥᠲᠥᠭᠡᠨ | ᠪᠠᠶᠢᠭᠤᠯᠤᠯᠲᠠ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ | ᠰᠢᠰᠲ᠋ᠧᠮ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠲᠤᠭ᠎ᠠ ᠪᠠᠷᠢᠮᠲᠠ ᠶᠢ ᠬᠠᠮᠳᠤ ᠪᠠᠷ ᠡᠳ᠋ᠯᠡᠬᠦ᠂ | ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠠᠬᠢᠭᠤᠯᠵᠤ᠂ ᠡᠳ᠋ ᠤᠨ ᠵᠠᠰᠠᠭ ᠤᠨ ᠪᠠᠯᠠ ᠮᠥᠩᠭᠦ ᠶᠢᠨ | ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ | ᠲᠦᠪᠰᠢᠨ ᠢ ᠳᠡᠭᠡᠭᠰᠢᠯᠡᠭᠦᠯᠬᠦ ᠶᠢᠨ ᠲᠦᠯᠦᠬᠡ ᠲᠤᠰ ︽ᠠᠷᠭ᠎ᠠ︾ ᠶᠢ ᠲᠤᠬᠳᠠᠭᠠᠪᠠ᠃ | ᠲᠣᠭᠲᠠᠭᠠᠭᠰᠠᠨ ᠦᠨᠳᠦᠰᠦᠯᠡᠯ | ︽ᠤᠯᠤᠰ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠥᠷᠥᠯ ᠵᠦᠶᠯ ᠤᠨ ᠪᠥᠲᠥᠭᠡᠨ | ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ︾ ︵ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ | ᠲᠠᠷᠬᠠᠭᠠᠪᠠ ﹇2019﹈ 57 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠣᠯᠠᠨ ᠨᠡᠶᠢᠲᠡ ᠶᠢᠨ ᠳ᠋ᠠᠶᠢᠲ᠋ᠠ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︵ᠥᠪᠥᠷ ᠮᠤᠩᠭᠤᠯ ᠤᠨ | ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠲᠠᠷᠬᠠᠭᠠᠪᠠ ﹇2024﹈ 19 ᠳ᠋ᠤᠭᠡᠷ | ᠲᠣᠭᠠᠲᠤ︶᠂ ︽ᠪᠤᠭᠤᠲᠤ ᠬᠤᠲᠠ ᠶᠢᠨ ᠲᠣᠰ ᠱᠠᠲᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ | ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︵ | ᠪᠤᠭᠤᠲᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ ᠲᠠᠷᠬᠠᠭᠠᠪᠠ ﹇2024﹈ 106 | ᠳ᠋ᠤᠭᠠᠷ ᠲᠣᠭᠠᠲᠤ︶ ᠵᠡᠷᠭᠡ ᠲᠣᠭᠲᠠᠭᠠᠯ ᠢ ᠦᠨᠳᠦᠰᠦᠯᠡᠨ᠂ ᠬᠥᠨᠳᠡᠯᠡᠨ ᠲᠣᠭᠤᠷᠢᠭ ᠤᠨ ᠪᠣᠳᠠᠲᠠᠶ ᠲᠠᠢ | ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃ | ᠭᠤᠣᠯ ᠠᠭᠤᠯᠭ᠎ᠠ | ᠲᠤᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠶᠯᠡᠴᠢᠯᠡᠭᠡ ᠬᠢᠭᠡᠳ | ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠥᠷᠥᠯ | ᠵᠦᠶᠯ ᠢ ᠨᠢᠭᠡᠳᠦᠯᠲᠡᠶ ᠲᠦᠯᠦᠪᠵᠢᠬᠦᠯᠦᠨ ᠬᠠᠮᠢᠶᠠᠷᠬᠤ ᠶᠢ ᠬᠠᠷᠢᠭᠤᠴᠠᠵᠤ᠂ ᠲᠤᠭᠤᠷᠢᠭ ᠤᠨ ᠲᠣᠰ ᠱᠠᠲᠤᠨ ᠤ | ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠥᠷᠥᠯ ᠵᠦᠶᠯ ᠤᠨ ᠣᠨ ᠤ ᠪᠥᠲᠥᠭᠡᠨ ᠪᠠᠶᠢᠭᠤᠯᠤᠯᠲᠠ ᠶᠢᠨ | ᠲᠥᠯᠥᠪᠯᠡᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠲᠤᠭᠤᠷᠢᠭ ᠤᠨ ᠲᠣᠰ ᠱᠠᠲᠤᠨ ᠤ ᠵᠠᠰᠠᠭ ᠤᠨ | ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠥᠷᠥᠯ ᠵᠦᠶᠯ ᠢ ᠬᠢᠨᠠᠨ ᠵᠥᠪᠰᠢᠶᠡᠷᠡᠵᠦ᠂ ᠲᠥᠷᠥᠯ ᠵᠦᠶᠯ ᠤᠨ ᠪᠥᠲᠥᠭᠡᠨ | ᠪᠠᠶᠢᠭᠤᠯᠤᠯᠲᠠ᠂ ᠰᠢᠯᠭᠠᠨ ᠳ᠋ᠦᠩᠨᠡᠬᠦ ᠵᠡᠷᠭᠡ ᠠᠵᠢᠯ ᠢ ᠵᠢᠯᠣᠭᠤᠳᠤᠨ᠎ᠠ︔ ᠨᠡᠶᠢᠳᠡᠮ ᠤᠨ ᠬᠡᠷᠡᠭᠯᠡᠬᠡᠨ ᠤ ᠲᠥᠷᠥᠯ ᠤᠨ | ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠠᠭᠤᠷᠢ ᠲᠦᠬᠦᠭᠡᠷᠦᠮᠵᠢ ᠪᠠ ᠮᠡᠳᠡᠭᠡ ᠵᠠᠩᠭᠢ ᠶᠢᠨ ᠰᠢᠰᠲ᠋ᠧᠮ ᠢ | ᠨᠢᠭᠡᠳᠦᠯᠲᠡᠶ ᠲᠦᠯᠦᠪᠵᠢᠬᠦᠯᠦᠨ ᠪᠠᠶᠢᠭᠤᠯᠤᠨ᠎ᠠ᠃ | ᠲᠤᠭᠤᠷᠢᠭ ᠤᠨ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠠᠮᠤᠷ ᠲᠦᠪᠰᠢᠨ ᠪᠠ ᠮᠡᠳᠡᠭᠡ | ᠵᠠᠩᠬᠢᠵᠢᠯᠳᠠ ᠶᠢᠨ ᠬᠤᠷᠢᠶ᠎ᠠ ᠶᠢᠨ ᠠᠯᠪᠠᠨ ᠭᠡᠷ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠥᠷᠥᠯ | ᠵᠦᠶᠯ ᠤᠨ ᠬᠤᠯᠪᠣᠭᠳᠠᠯ ᠪᠦᠬᠦᠢ ᠰᠦᠯᠵᠢᠶᠡᠨ ᠤ ᠠᠮᠤᠷ ᠲᠦᠪᠰᠢᠨ ᠤ ᠠᠵᠢᠯ ᠢ ᠨᠢᠭᠡᠳᠦᠯᠲᠡᠶ ᠲᠥᠯᠥᠪᠵᠢᠭᠦᠯᠦᠨ | ᠵᠣᠬᠢᠴᠠᠭᠤᠯᠬᠤ ᠶᠢ ᠬᠠᠷᠢᠭᠤᠴᠠᠨ᠎ᠠ︔ ᠲᠤᠭᠤᠷᠢᠭ ᠤᠨ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ | ᠬᠤᠷᠢᠶ᠎ᠡ ᠶᠢᠨ ᠠᠯᠪᠠᠨ ᠭᠡᠷ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠥᠷᠥᠯ ᠵᠦᠶᠯ ᠤᠨ ᠬᠤᠯᠪᠣᠭᠳᠠᠯ | ᠪᠦᠬᠦᠢ ᠳ᠋ᠠᠶᠢᠲ᠋ᠠ ᠶᠢᠨ ᠠᠮᠤᠷ ᠲᠦᠪᠰᠢᠨ ᠤ ᠠᠵᠢᠯ ᠢ ᠵᠢᠯᠣᠭᠤᠳᠬᠤ᠂ ᠬᠢᠨᠠᠯᠲᠠ ᠲᠠᠯᠪᠢᠬᠤ ᠪᠠ ᠪᠠᠶᠢᠴᠠᠭᠠᠬᠤ ᠶᠢ | ᠬᠠᠷᠢᠭᠤᠴᠠᠨ᠎ᠠ︔ ᠲᠤᠭᠤᠷᠢᠭ ᠤᠨ ᠨᠠᠮ ᠤᠨ ᠬᠤᠷᠢᠶ᠎ᠠ ᠶᠢᠨ ᠨᠢᠭᠤᠴᠠ ᠶᠢ ᠬᠠᠮᠠᠭᠠᠯᠠᠬᠤ ᠨᠢᠭᠤᠴᠠ ᠮᠠᠲ᠋ᠧᠷᠢᠶᠠᠯ ᠤᠨ | ᠲᠣᠪᠴᠢᠶ᠎ᠠ ᠨᠢ ᠪᠥᠬᠦ ᠲᠤᠭᠤᠷᠢᠭ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠥᠷᠥᠯ ᠵᠦᠶᠯ ᠤᠨ | ᠬᠤᠳᠠᠯᠳᠤᠭᠠᠨ ᠳᠤ ᠬᠡᠷᠡᠭᠯᠡᠬᠦ ᠨᠢᠭᠤᠴᠠ ᠨᠣᠮᠧᠷ ᠤᠨ ᠬᠡᠷᠡᠭᠯᠡᠯᠲᠡ ᠶᠢᠨ ᠪᠠᠶᠢᠭᠤᠯᠤᠯᠲᠠ ᠪᠠ ᠪᠦᠷᠢᠳᠬᠡᠨ ᠳᠠᠩᠰᠠᠯᠠᠬᠤ | ᠠᠵᠢᠯ ᠢ ᠨᠢᠭᠡᠳᠦᠯᠲᠡᠶ ᠲᠦᠯᠦᠪᠵᠢᠬᠦᠯᠬᠦ᠂ ᠵᠢᠯᠣᠭᠤᠳᠬᠤ᠂ ᠬᠢᠨᠠᠯᠲᠠ ᠲᠠᠯᠪᠢᠬᠤ ᠪᠠ ᠠᠬᠢᠭᠤᠯᠬᠤ ᠶᠢ ᠬᠠᠷᠢᠭᠤᠴᠠᠨ᠎ᠠ᠃ | ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠨᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ | ᠲᠥᠷᠥᠯ ᠵᠦᠶᠯ ᠤᠨ ᠪᠠᠯᠠ ᠮᠥᠩᠭᠦ ᠶᠢ ᠨᠢᠭᠡᠳᠦᠯᠲᠡᠶ ᠲᠦᠯᠦᠪᠵᠢᠬᠦᠯᠬᠦ᠂ ᠲᠥᠰᠦᠪ ᠤᠨ ᠬᠠᠮᠢᠶᠠᠷᠤᠯᠲᠠ᠂ ᠵᠠᠰᠠᠭ ᠤᠨ | ᠣᠷᠳᠣᠨ ᠤ ᠬᠤᠳᠠᠯᠳᠤᠨ ᠠᠪᠠᠨ᠋ᠥ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠪᠠᠯᠠ ᠮᠥᠩᠭᠦ ᠶᠢᠨ ᠬᠡᠷᠡᠭᠯᠡᠯᠲᠡ ᠳᠤ | ᠬᠢᠨᠠᠯᠲᠠ ᠲᠠᠯᠪᠢᠵᠤ ᠪᠠᠶᠢᠴᠠᠭᠠᠨ᠎ᠠ︔ ᠲᠤᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠨᠢ | ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠲᠤᠤᠷ ᠰᠦᠯᠵᠢᠶ᠎ᠡ ᠶᠢᠨ ᠠᠮᠤᠷ ᠲᠦᠪᠰᠢᠨ ᠤ ᠳᠡᠰ ᠢ | ᠬᠠᠮᠠᠭᠠᠯᠠᠬᠤ ᠲᠠᠯ᠎ᠠ ᠶᠢᠨ ᠲᠠᠰ ᠲᠣᠭᠲᠠᠭᠠᠨ ᠳᠡᠩᠰᠡᠯᠡᠵᠦ ᠬᠢᠨᠠᠨ ᠬᠠᠷᠭᠤᠭᠤᠯᠬᠤ ᠪᠠ ᠵᠠᠩᠭᠢᠯᠠᠭ᠎ᠠ ᠶᠢᠨ ᠮᠡᠳᠡᠭᠡ | ᠵᠠᠩᠭᠢ ᠶᠢᠨ ᠰᠠᠭᠤᠷᠢ ᠲᠦᠬᠦᠭᠡᠷᠦᠮᠵᠢ ᠶᠢᠨ ᠠᠮᠤᠷ ᠲᠦᠪᠰᠢᠨ ᠢ ᠬᠠᠮᠠᠭᠠᠯᠠᠬᠤ ᠳᠤ ᠬᠢᠨᠠᠯᠲᠠ ᠲᠠᠯᠪᠢᠬᠤ ᠪᠠ | ᠪᠠᠶᠢᠴᠠᠭᠠᠬᠤ ᠶᠢ ᠬᠠᠷᠢᠭᠤᠴᠠᠨ᠎ᠠ᠃ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠢ ᠠᠴᠠ ᠲᠥᠷᠥᠯ ᠵᠦᠢᠯ ᠤᠨ ᠬᠡᠷᠡᠭᠴᠡᠭᠡ ᠶᠢ | ᠳᠤᠷᠠᠳᠬᠤ᠂ ᠲᠥᠷᠥᠯ ᠵᠦᠢᠯ ᠢᠶᠠᠷ ᠲᠣᠭᠲᠠᠭᠠᠨ ᠮᠡᠳᠡᠭᠦᠯᠬᠦ᠂ ᠪᠦᠲᠦᠭᠡᠨ ᠪᠠᠶᠢᠭᠤᠯᠤᠨ ᠬᠠᠮᠢᠶᠠᠷᠬᠤ᠂ ᠪᠡᠯᠡ | ᠮᠥᠩᠭᠦ ᠶᠢ ᠬᠡᠷᠡᠭᠯᠡᠬᠦ᠂ ᠠᠵᠢᠯᠯᠠᠭᠠᠨ ᠢ ᠬᠠᠮᠠᠭᠠᠯᠠᠬᠤ᠂ ᠡᠳ᠋ ᠬᠥᠷᠥᠩᠭᠡ ᠶᠢ ᠬᠠᠮᠢᠶᠠᠷᠬᠤ᠂ ᠬᠤᠳᠠᠯᠳᠤᠭᠠᠨ ᠳᠤ | ᠬᠡᠷᠡᠭᠯᠡᠬᠦ ᠨᠢᠭᠤᠴᠠ ᠨᠣᠮᠧᠷ ᠢ ᠨᠢᠭᠤᠴᠠᠯᠠᠨ ᠬᠠᠮᠠᠭᠠᠯᠠᠬᠤ᠂ ᠰᠦᠯᠵᠢᠶ᠎ᠡ ᠬᠢᠭᠡᠳ ᠳ᠋ᠠᠶᠢᠲ᠋ᠠ ᠶᠢᠨ ᠠᠮᠤᠷ ᠲᠦᠪᠰᠢᠨ ᠤ | ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠲᠤᠭᠤᠷᠢᠭ ᠤᠨ ᠲᠣᠰ ᠱᠠᠲᠤᠨ ᠤ ᠬᠤᠯᠪᠣᠭᠳᠠᠯ ᠪᠥᠬᠦᠶ ᠠᠵᠢᠯ | ᠲᠥᠷᠥᠯ ︵ᠲᠤᠬᠠᠶᠢᠯᠠᠭᠰᠠᠨ ᠠᠵᠢᠯ︶ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ ᠲᠣᠰ ᠰᠠᠯᠠᠭ᠎ᠠ ᠮᠥᠴᠢᠷ | ᠵᠢᠴᠢ ᠬᠠᠷᠢᠶ᠎ᠠ ᠨᠢᠭᠡᠴᠢ ᠶᠢᠨ ᠢᠶᠠᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠥᠷᠥᠯ ᠵᠦᠶᠯ ᠢ | ᠰᠢᠰᠲ᠋ᠧᠮᠵᠢᠭᠦᠯᠦᠨ ᠬᠠᠮᠢᠶᠠᠷᠬᠤ ᠶᠢ ᠬᠠᠷᠢᠭᠤᠴᠠᠵᠤ᠂ ᠲᠣᠰ ᠰᠠᠯᠠᠭ᠎ᠠ ᠮᠥᠴᠢᠷ ᠤᠨ ᠬᠠᠳᠠᠭᠠᠯᠠᠬᠳᠠᠵᠤ ᠪᠠᠶᠢᠭ᠎ᠠ ᠮᠡᠳᠡᠭᠡ | ᠵᠠᠩᠭᠢ ᠶᠢᠨ ᠰᠢᠰᠲ᠋ᠧᠮ ᠢ ᠨᠡᠶᠢᠳᠬᠡᠬᠦ ᠪᠠ ᠰᠢᠨ᠎ᠡ ᠪᠠᠷ ᠪᠠᠶᠢᠭᠤᠯᠤᠭᠰᠠᠨ ᠮᠡᠳᠡᠭᠡ ᠵᠠᠩᠭᠢᠵᠢᠯᠲᠠ ᠶᠢᠨ ᠲᠥᠷᠥᠯ ᠵᠦᠶᠯ ᠢ | ᠬᠢᠨᠠᠨ ᠬᠠᠷᠭᠤᠭᠤᠯᠬᠤ ᠪᠣᠭᠤᠮᠲᠠ ᠶᠢ ᠴᠢᠩᠭ᠎ᠠ ᠰᠠᠬᠢᠬᠤ ᠶᠢ ᠴᠢᠩᠭᠠᠳᠬᠠᠨ᠎ᠠ᠃ ᠵᠠᠰᠠᠭ ᠤᠨ ᠶᠠᠪᠤᠳᠠᠯ ᠤᠨ ᠮᠡᠳᠡᠭᠡ | ᠵᠠᠩᠭᠢ ᠶᠢᠨ ᠰᠢᠰᠲ᠋ᠧᠮ ᠤᠨ ᠬᠤᠯᠪᠣᠯᠳᠤᠨ ᠨᠡᠪᠲᠡᠷᠡᠯᠴᠡᠬᠦ᠂ ᠳ᠋ᠠᠶᠢᠲ᠋ᠠ ᠶᠢ ᠬᠠᠮᠲᠤ ᠪᠠᠷ ᠡᠳ᠋ᠯᠡᠬᠦ᠂ ᠲᠤᠬᠠᠶᠢᠯᠠᠭᠰᠠᠨ | ᠠᠵᠢᠯ ᠤᠨ ᠬᠠᠮᠵᠢᠯᠴᠠᠭ᠎ᠠ ᠶᠢ ᠠᠬᠢᠭᠤᠯᠵᠤ᠂ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ | ᠲᠦᠪᠰᠢᠨ ᠢ ᠳᠡᠭᠡᠭᠰᠢᠯᠡᠭᠦᠯᠦᠨ᠎ᠡ᠃ |