︽ᠬᠥᠨᠳᠡᠯᠡᠨ ᠲᠣᠭᠤᠷᠢᠭ ᠤᠨ ᠪᠠᠷᠢᠯᠭ᠎ᠠ ᠶᠢᠨ ᠬᠤᠭ ᠨᠣᠪᠰᠢ ᠶᠢᠨ ᠣᠷᠴᠢᠨ ᠲᠣᠭᠤᠷᠢᠨ ᠢ ᠪᠣᠬᠢᠷᠲᠤᠭᠤᠯᠬᠤ ᠶᠢ ᠰᠡᠷᠭᠡᠶᠢᠯᠡᠨ ᠵᠠᠰᠠᠬᠤ ᠠᠵᠢᠯ ᠤᠨ ᠲᠥᠯᠥᠪᠵᠢᠭᠦᠯᠭᠡ ︵2024 — 2035    ᠣᠨ︶︾ ᠶᠢᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2025/1/16
    ᠲᠣᠭᠲᠠᠭᠠᠭᠰᠠᠨ ᠠᠬᠤᠶ ᠪᠠᠶᠢᠳᠠᠯ     ᠪᠠᠷᠢᠯᠭ᠎ᠠ ᠶᠢᠨ ᠬᠤᠭ ᠨᠣᠪᠰᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠪᠠᠷᠢᠯᠭ᠎ᠠ ᠶᠢᠨ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ᠂ ᠬᠤᠤᠷ ᠥᠬᠡᠶᠢᠳᠡᠭᠦᠯᠦᠨ ᠰᠢᠶᠳᠪᠦᠷᠢᠯᠡᠵᠦ ᠠᠰᠢᠭᠯᠠᠬᠤ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠣᠷᠴᠢᠨ ᠲᠣᠭᠤᠷᠢᠨ ᠳᠤ ᠦᠵᠡᠬᠦᠯᠬᠦ ᠨᠦᠯᠦᠬᠡ ᠶᠢ ᠨᠠᠮᠳᠠᠭᠤᠯᠬᠤ ᠪᠠ ᠠᠮᠢ ᠠᠬᠤᠶ ᠶᠢ ᠵᠠᠰᠠᠨ ᠰᠡᠷᠭᠦᠭᠡᠬᠦ ᠶᠢ ᠭᠦᠨᠵᠡᠭᠡᠶ ᠥᠷᠨᠢᠭᠦᠯᠦᠨ᠂ ᠬᠤᠲᠠ ᠶᠢᠨ ᠬᠠᠮᠢᠶᠠᠷᠤᠯᠲᠠ ᠶᠢᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠦᠯᠦᠪᠵᠢᠬᠦᠯᠦᠨ ᠠᠬᠢᠭᠤᠯᠵᠤ᠂ ᠬᠤᠲᠠ ᠶᠢᠨ ᠬᠥᠭᠵᠢᠯᠲᠡ ᠶᠢᠨ ᠴᠢᠳᠠᠪᠤᠷᠢ ᠪᠠ ᠲᠠᠰ ᠢ ᠰᠢᠰᠲ᠋ᠧᠮ ᠲᠠᠢ ᠳᠡᠭᠡᠭᠰᠢᠯᠡᠭᠦᠯᠬᠦ ᠶᠢᠨ ᠲᠦᠯᠦᠬᠡ᠂ ᠮᠠᠨ ᠤ ᠲᠤᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ︽ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ ᠪᠠᠷᠢᠯᠭ᠎ᠠ ᠶᠢᠨ ᠬᠤᠭ ᠨᠣᠪᠰᠢ ᠶᠢᠨ ᠣᠷᠴᠢᠨ ᠲᠣᠭᠤᠷᠢᠨ ᠢ ᠪᠣᠬᠢᠷᠲᠤᠭᠤᠯᠬᠤ ᠶᠢ ᠰᠡᠷᠭᠡᠶᠢᠯᠡᠨ ᠵᠠᠰᠠᠬᠤ ᠠᠵᠢᠯ ᠤᠨ ᠲᠥᠯᠥᠪᠵᠢᠭᠦᠯᠭᠡ ︵2024 — 2035︶︾ ᠶᠢ ᠲᠤᠭᠤᠷᠪᠢᠪᠠ᠃      ᠲᠣᠭᠲᠠᠭᠠᠭᠰᠠᠨ ᠦᠨᠳᠦᠰᠦᠯᠡᠯ     ︽ᠪᠤᠭᠤᠲᠤ ᠬᠤᠲᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ     ᠬᠥᠲᠥᠯᠪᠦᠷᠢ︾᠂ ︽ᠪᠤᠭᠤᠲᠤ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠤᠭᠤᠴᠠᠭᠠᠨ ᠤ ︿ᠬᠠᠶᠠᠭᠳᠠᠮᠠᠯ ᠥᠬᠡᠶ ᠬᠤᠲᠠ﹀ ᠶᠢᠨ ᠪᠥᠲᠥᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ︾᠂ ︽ᠪᠤᠭᠤᠲᠤ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠲᠥᠰᠦᠯ︾ ᠪᠠ ︽ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠯᠥᠪᠵᠢᠭᠦᠯᠭᠡ︾ ᠶᠢ ᠦᠨᠳᠦᠰᠦᠯᠡᠨ ᠲᠤᠬᠳᠠᠭᠠᠪᠠ᠃      ᠭᠤᠣᠯ ᠠᠭᠤᠯᠭ᠎ᠠ      ᠨᠢᠭᠡ᠂ ᠪᠠᠷᠢᠯᠭ᠎ᠠ ᠶᠢᠨ ᠬᠤᠭ ᠨᠣᠪᠰᠢ ᠶᠢ ︽ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ᠂ ᠬᠤᠤᠷ ᠥᠬᠡᠶᠢᠳᠡᠭᠦᠯᠬᠦ︾ ᠪᠠᠷ ᠬᠠᠷᠠᠯᠲᠠ ᠪᠣᠯᠭᠠᠨ᠂ ᠪᠠᠷᠢᠯᠭ᠎ᠠ ᠶᠢᠨ ᠬᠤᠭ ᠨᠣᠪᠰᠢ ᠶᠢ ᠶᠡᠷᠦᠩᠬᠡᠶᠢᠯᠡᠨ ᠠᠰᠢᠭᠯᠠᠬᠤ ᠤᠶᠢᠯᠠᠭᠠᠬᠳᠠᠬᠤᠨ ᠢ ᠪᠠᠷᠢᠮᠲᠠᠯᠠᠵᠤ᠂ ᠭᠠᠳᠠᠭᠰᠢᠯᠠᠭᠤᠯᠬᠤ ᠪᠠ ᠰᠢᠶᠳᠪᠦᠷᠢᠯᠡᠬᠦ ᠶᠢᠨ ᠵᠥᠷᠢᠴᠡᠯ ᠢ ᠵᠦᠶ ᠵᠣᠬᠢᠰᠲᠠᠶ᠂ ᠠᠮᠤᠷ ᠲᠦᠪᠰᠢᠨ᠂ ᠣᠷᠴᠢᠨ ᠲᠣᠭᠤᠷᠢᠨ ᠢ ᠬᠠᠮᠠᠭᠠᠯᠠᠨ ᠰᠢᠶᠳᠪᠦᠷᠢᠯᠡᠵᠦ᠂ ᠡᠬᠢ ᠡᠭᠦᠰᠦᠯ ᠠᠴᠠ ᠨᠢ ᠬᠤᠭ    ᠨᠤᠪᠰᠢ ᠶᠢ ᠲᠥᠷᠥᠯ ᠬᠤᠪᠢᠶᠠᠬᠤ᠂ ᠳᠠᠬᠢᠨ ᠠᠰᠢᠭᠯᠠᠬᠤ᠂ ᠬᠤᠤᠷ ᠥᠬᠡᠶᠢᠳᠡᠭᠦᠯᠦᠨ ᠰᠢᠶᠳᠪᠦᠷᠢᠯᠡᠬᠦ ᠦᠷᠬᠦᠯᠵᠢᠯᠡᠬᠦᠶᠢᠴᠡ ᠪᠠᠷᠢᠯᠭ᠎ᠠ ᠶᠢᠨ ᠬᠠᠶᠠᠭᠳᠠᠮᠠᠯ ᠪᠣᠳᠠᠰ ᠢ ᠰᠢᠶᠳᠪᠦᠷᠢᠯᠡᠬᠦ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠤᠨ᠎ᠠ︔ ᠰᠠᠶᠢᠨ ᠰᠠᠶᠢᠬᠠᠨ ᠬᠠᠷᠢᠯᠴᠠᠨ ᠬᠦᠳᠡᠯᠦᠯᠴᠡᠭᠰᠡᠨ ᠬᠠᠮᠢᠶᠠᠷᠤᠯᠲᠠ ᠶᠢᠨ ᠪᠠᠶᠢᠭᠤᠯᠤᠯ ᠪᠠ ᠬᠠᠤᠯᠢ ᠲᠣᠭᠲᠠᠭᠠᠯ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠪᠠᠶᠢᠭᠤᠯᠵᠤ᠂ ᠪᠠᠷᠢᠯᠭ᠎ᠠ ᠶᠢᠨ ᠬᠤᠭ ᠨᠣᠪᠰᠢ ᠶᠢ ᠡᠬᠢ ᠡᠭᠦᠰᠦᠯ ᠠᠴᠠ ᠨᠢ ᠪᠠᠭᠠᠰᠬᠠᠨ ᠰᠢᠢᠳᠪᠦᠷᠢᠯᠡᠬᠦ ᠠᠴᠠ ᠠᠪᠤᠭᠠᠳ ᠰᠢᠩᠬᠡᠬᠡᠨ ᠰᠢᠢᠳᠪᠦᠷᠢᠯᠡᠬᠦ ᠬᠦᠷᠲᠡᠯᠡᠬᠢ ᠪᠦᠬᠦ ᠶᠠᠪᠤᠴᠠ ᠳᠤ ᠬᠠᠮᠢᠶᠠᠷᠤᠨ ᠡᠵᠡᠮᠳᠡᠬᠦ ᠶᠢ ᠪᠡᠶᠡᠯᠡᠭᠦᠯᠦᠨ᠎ᠡ︔ ᠡᠷᠡᠭᠦᠯ ᠢᠶᠠᠷ ᠬᠦᠭᠵᠢᠭᠰᠡᠨ ᠰᠠᠶᠢᠨ ᠰᠠᠶᠢᠬᠠᠨ ᠤᠷᠴᠢᠯ ᠢ ᠪᠦᠷᠢᠯᠳᠦᠭᠦᠯᠦᠭᠰᠡᠨ ᠪᠠᠷᠢᠯᠭ᠎ᠠ ᠶᠢᠨ ᠬᠤᠭ ᠨᠣᠪᠰᠢ ᠶᠢ ᠡᠬᠢ ᠪᠠᠶᠠᠯᠢᠭᠵᠢᠭᠤᠯᠬᠤ ᠠᠵᠤ ᠦᠢᠯᠡᠰ ᠤᠨ ᠰᠢᠰᠲ᠋ᠧᠮ ᠶᠢ ᠪᠠᠶᠢᠭᠤᠯᠤᠨ᠎ᠠ᠃ ᠬᠤᠶᠠᠷ᠂ ᠰᠢᠨᠵᠢᠯᠡᠬᠦ ᠤᠬᠠᠭᠠᠨᠴᠢ ᠰᠢᠰᠲ᠋ᠧᠮ ᠲᠠᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠪᠠᠷ ᠳᠠᠮᠵᠢᠨ᠂ ︽ᠪᠠᠶᠢᠷᠢᠰᠢᠭᠤᠯᠤᠯᠳᠠ ᠨᠢ ᠵᠦᠢ ᠵᠣᠬᠢᠰᠲᠠᠶ᠂ ᠡᠵᠡᠮᠳᠡᠯ ᠨᠢ ᠬᠦᠴᠦᠲᠡᠶ᠂ ᠬᠢᠨᠠᠯᠲᠠ ᠬᠠᠮᠢᠶᠠᠷᠤᠯᠲᠠ ᠨᠢ ᠨᠢᠭᠲᠠ ᠴᠢᠩᠭ᠎ᠠ᠂ ᠰᠢᠶᠳᠪᠦᠷᠢᠯᠡᠬᠦ ᠨᠢ ᠵᠢᠷᠤᠮᠵᠢᠩᠭᠤᠢ᠂ ᠠᠰᠢᠭᠯᠠᠬᠤ ᠨᠢ ᠰᠢᠨᠵᠢᠯᠡᠬᠦ ᠤᠬᠠᠭᠠᠨᠴᠢ︾ ᠪᠠᠷᠢᠯᠭ᠎ᠠ ᠶᠢᠨ ᠬᠤᠭ ᠨᠣᠪᠰᠢ ᠶᠢ ᠵᠠᠰᠠᠬᠤ ᠰᠢᠰᠲ᠋ᠧᠮ   ᠢ ᠠᠯᠬᠤᠮ ᠠᠯᠬᠤᠮ ᠢᠶᠠᠷ ᠪᠠᠶᠢᠭᠤᠯᠵᠤ᠂ ᠪᠠᠷᠢᠯᠭ᠎ᠠ ᠶᠢᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠪᠠ ᠬᠤᠤᠷ ᠦᠬᠡᠶᠢᠳᠡᠬᠦᠯᠦᠨ ᠰᠢᠶᠳᠪᠦᠷᠢᠯᠡᠬᠦ ᠲᠦᠪᠰᠢᠨ ᠢ ᠳᠡᠭᠡᠭᠰᠢᠯᠡᠭᠦᠯᠵᠦ᠂ ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ ᠡᠬᠢ ᠪᠠᠶᠠᠯᠢᠭ ᠢ ᠠᠷᠪᠢᠯᠠᠬᠤ ᠮᠠᠶ᠋ᠢᠭ ᠤᠨ᠂ ᠣᠷᠴᠢᠨ ᠲᠣᠭᠤᠷᠢᠨ  ᠳᠤ ᠨᠥᠬᠦᠷᠰᠡᠭ ᠮᠠᠶ᠋ᠢᠭ ᠤᠨ ᠨᠡᠶᠢᠭᠡᠮ ᠤᠨ ᠪᠠᠶᠢᠭᠤᠯᠤᠯᠲᠠ ᠶᠢ ᠠᠬᠢᠭᠤᠯᠵᠤ᠂ ᠬᠤᠲᠠ ᠶᠢᠨ ᠨᠠᠷᠢᠯᠢᠭᠵᠢᠭᠤᠯᠤᠨ ᠵᠠᠰᠠᠬᠤ ᠲᠦᠪᠰᠢᠨ ᠢ ᠲᠡᠭᠡᠭᠰᠢᠯᠡᠬᠦᠯᠦᠨ᠎ᠡ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号