ᠵᠧᠤ ᠮᠢᠨ ᠵᠢᠶᠧ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠳᠤᠭᠤᠶᠢᠯᠠᠩ ᠬᠤᠪᠢᠶᠠᠨ ᠶᠠᠷᠢᠯᠴᠠᠬᠤ ᠳᠤ ᠣᠷᠣᠯᠴᠠᠪᠠ
ᠨᠡᠶᠢᠲᠡᠯᠡᠭᠰᠡᠨ ᠴᠠᠭ᠄
2025/1/17
    1 ᠰᠠᠷ᠎ᠠ ᠶᠢᠨ 15 ᠤ ᠡᠳᠦᠷ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠧᠦ ᠮᠢᠨ ᠵᠢᠶᠧ ᠲᠤᠭᠤᠷᠢᠭ ‍ᠤᠨ‌ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠲᠠᠪᠤᠳᠤᠭᠠᠷ ᠲᠥᠯᠥᠭᠡᠯᠡᠭᠴᠢᠳ ᠤᠨ ᠪᠦᠯᠬᠦᠮ ᠤᠨ ᠳᠤᠭᠤᠶᠢᠯᠠᠩ ᠬᠤᠪᠢᠶᠠᠨ ᠶᠠᠷᠢᠯᠴᠠᠬᠤ ᠳᠤ ᠣᠷᠣᠯᠴᠠᠪᠠ᠃
    ᠬᠤᠷᠠᠯ ᠤᠨ ᠲᠠᠯᠠᠪᠠᠶ ᠬᠥᠷ ᠬᠥᠭᠵᠢᠶᠡᠨ ᠢᠶᠠᠷ ᠪᠢᠯᠬᠠᠵᠤ᠂ ᠲᠥᠯᠥᠭᠡᠯᠡᠭᠴᠢᠳ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠪᠣᠯᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠤᠨ ᠮᠡᠳᠡᠭᠦᠯᠦᠯᠲᠡ ᠶᠢ ᠢᠳᠡᠪᠬᠢᠲᠡᠶ ᠬᠥᠭᠵᠢᠶᠡᠨᠲᠡᠶ ᠶᠠᠷᠢᠯᠴᠠᠵᠤ᠂ ᠲᠣᠰ ᠲᠣᠰ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠰᠣᠶᠣᠯ ᠵᠢᠭᠤᠯᠴᠢᠯᠠᠯ ᠤᠨ ᠠᠵᠤ ᠦᠶᠯᠡᠰ᠂ ᠡᠮ ᠡᠮᠨᠡᠯᠬᠡ ᠶᠢᠨ ᠪᠠᠲᠤᠯᠠᠭ᠎ᠠ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠴᠠᠶ᠃ ᠤᠯᠠᠨ ᠢᠶᠠᠷ ᠢᠶᠠᠨ᠂ ᠵᠠᠰᠠᠭ ᠤᠨ ᠣᠷᠳᠣᠨ ᠤ ᠢᠯᠡᠳᠬᠡᠯ ᠥᠩᠭᠡᠷᠡᠭᠰᠡᠨ ᠨᠢᠭᠡ ᠵᠢᠯ ᠤᠨ ᠬᠥᠨᠳᠡᠯᠡᠨ ᠲᠣᠭᠤᠷᠢᠭ ᠤᠨ ᠬᠥᠭᠵᠢᠯᠲᠡ ᠶᠢᠨ ᠲᠤᠬᠠᠢ ᠪᠤᠰᠤᠳᠴᠢ ᠳ᠋ᠦᠩᠨᠡᠯᠲᠡ ᠬᠢᠵᠦ᠂ ᠨᠡᠩ ᠴᠤ ᠰᠢᠨ᠎ᠡ ᠨᠢᠭᠡ ᠵᠢᠯ ᠤᠨ ︽ᠠᠵᠢᠯᠯᠠᠭᠠᠨ ᠤ ᠵᠦᠭᠯᠡᠭᠦᠷ︾ ᠪᠣᠯᠵᠠᠢ ᠭᠡᠵᠦ ᠰᠠᠨᠠᠯ ᠨᠢᠬᠡᠳᠡᠢ ᠦᠵᠡᠵᠡᠬᠡᠪᠡ᠃     ᠶᠠᠷᠢᠯᠴᠠᠬᠤ ᠳᠤᠮᠳᠠ᠂ ᠵᠧᠤ ᠮᠢᠨ ᠵᠢᠶᠧ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠴᠤ᠂ ᠰᠣᠨᠣᠰᠬᠤ ᠶᠢᠨ ᠳᠠᠭᠠᠤ ᠲᠡᠮᠳᠡᠭᠯᠡᠵᠦ᠂ ᠮᠡᠳᠡᠭᠦᠯᠦᠯᠲᠡ ᠶᠢᠨ ᠭᠤᠤᠯ ᠠᠭᠤᠯᠬᠤᠨ ᠢ ᠬᠡᠷᠬᠢᠨ ᠣᠨᠣᠪᠴᠢᠲᠠᠶ ᠡᠵᠡᠮᠳᠡᠬᠦ ᠲᠤᠬᠠᠶ ᠲᠥᠯᠥᠭᠡᠯᠡᠭᠴᠢᠳ ᠲᠠᠢ ᠭᠦᠨᠵᠡᠭᠡᠶ ᠰᠤᠳᠤᠯᠤᠨ ᠶᠠᠷᠢᠯᠴᠠᠵᠤ ᠰᠣᠯᠢᠯᠴᠠᠪᠠ᠃ ᠲᠡᠷᠡ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ 7 ᠲᠠᠯ᠎ᠠ ᠠᠴᠠ 2024 ᠣᠨ ᠤ ᠠᠵᠢᠯ ᠢ ᠳ᠋ᠦᠩᠨᠡᠭᠰᠡᠨ ᠪᠥᠭᠡᠳ ᠮᠠᠨ ᠤ ᠲᠤᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ︽ᠬᠤᠶᠠᠷ ᠢ ᠳᠠᠬᠢᠨ ᠢᠶᠠᠷ ᠨᠡᠮᠡᠭᠳᠡᠭᠦᠯᠬᠦ︾᠂ ︽ᠬᠤᠶᠠᠷ ᠢ ᠡᠭᠦᠳᠬᠦ︾ ᠶᠢᠨ ᠲᠣᠭᠤᠷᠢᠨ ᠳᠤ ᠡᠨᠡ ᠵᠢᠯ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠠᠷᠭ᠎ᠠ ᠬᠡᠮᠵᠢᠶ᠎ᠡ ᠶᠢ ᠳᠤᠷᠠᠳᠴᠤ᠂ ᠵᠠᠰᠠᠭ ᠤᠨ ᠣᠷᠳᠣᠨ ᠤ ᠡᠭᠦᠷᠭᠡᠯᠡᠯ ᠢ ᠢᠯᠡᠷᠡᠭᠦᠯᠵᠦ᠂ ᠵᠠᠮ ᠨᠡᠭᠡᠭᠡᠨ ᠰᠢᠨ᠎ᠡ ᠶᠢ ᠡᠭᠦᠳᠦᠭᠰᠡᠨ᠂ ᠬᠥᠮᠦᠰ ᠤᠨ ᠰᠡᠳᠬᠢᠯ ᠢ ᠬᠥᠭᠵᠢᠭᠡᠭᠰᠡᠨ ᠰᠠᠶᠢᠨ ᠮᠡᠳᠡᠭᠦᠯᠦᠯᠲᠡ ᠪᠣᠯᠵᠠᠶ ᠬᠡᠪᠡ᠃     ᠵᠧᠦ ᠮᠢᠨ ᠵᠢᠶᠧ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠮᠥᠨ᠂ ᠪᠠᠰᠠ ᠴᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠨ ᠤ ᠵᠢᠯ ᠮᠥᠨ᠂ ᠪᠥᠬᠦ ᠵᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠶᠢᠨ ᠲᠣᠭᠤᠷᠢᠨ ᠳᠤ᠂ ᠥᠨᠳᠥᠷ ᠪᠦᠲᠦᠮᠵᠢᠲᠡᠢ ᠬᠢᠨᠠᠯᠲᠠ ᠲᠠᠯᠪᠢᠬᠤ ᠪᠠᠷ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠵᠤ᠂ ᠥᠨᠳᠥᠷ ᠲᠦᠪᠰᠢᠨ ᠪᠦᠬᠦᠢ ᠲᠥᠯᠥᠭᠡᠯᠡᠭᠴᠢ ᠶᠢᠨ ᠠᠵᠢᠯ ᠢᠶᠠᠷ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠵᠦ᠂ ᠥᠨᠳᠥᠷ ᠪᠠᠷᠢᠮᠵᠢᠶ᠎ᠠ ᠪᠠᠷ ᠭᠤᠣᠯ ᠰᠡᠳᠦᠪ ᠪᠣᠯᠭᠠᠨ ᠲᠤᠰ ᠪᠡᠶ᠎ᠡ ᠶᠢᠨ ᠪᠠᠶᠢᠭᠤᠯᠤᠯᠲᠠ ᠪᠠᠨ ᠪᠦᠬᠦ ᠲᠠᠯ᠎ᠠ ᠪᠠᠷ ᠴᠢᠩᠭᠠᠳᠬᠠᠵᠤ᠂ ᠢᠳᠡᠪᠬᠢᠲᠡᠢ ᠪᠠᠷ ᠬᠥᠭᠦᠷᠭᠡ ᠲᠠᠯᠪᠢᠵᠤ᠂ ᠲᠠᠪᠴᠠᠩ ᠪᠠᠶᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠳᠠᠭᠠᠭᠤᠯᠤᠨ ᠰᠠᠨᠠᠭᠠᠴᠢᠯᠠᠭ᠎ᠠ ᠠᠴᠠ ᠪᠠᠨ ᠠᠷᠠᠳ ᠤᠨ ᠰᠡᠳᠬᠢᠯ ᠳᠤ ᠤᠶᠢᠷᠠᠳᠤᠭᠤᠯᠵᠤ᠂ ᠠᠷᠠᠳ ᠤᠨ ᠰᠠᠨᠠᠭ᠎ᠠ ᠶᠢ ᠰᠣᠨᠣᠰᠴᠤ᠂ ᠠᠮᠠᠯᠠᠯᠲᠠ ᠪᠣᠯᠤᠨ ᠢᠲᠡᠭᠡᠯ ᠵᠣᠷᠢᠭ ᠢ ᠥᠷᠭᠡᠨ ᠤᠯᠠᠨ ᠲᠦᠮᠡᠨ ᠤ ᠳᠤᠮᠳᠠ ᠳᠠᠮᠵᠢᠭᠤᠯᠵᠤ᠂ ᠠᠷᠠᠳ ᠤᠨ ᠬᠦᠰᠡᠯ ᠰᠠᠨᠠᠭ᠎ᠠ ᠠᠷᠠᠳ ᠤᠨ ᠤᠶᠤᠨ ᠤᠬᠠᠭᠠᠨ ᠢ ᠡᠯ᠎ᠡ ᠵᠦᠢᠯ ᠤᠨ ᠠᠵᠢᠯ ᠳᠠᠭᠠᠨ ᠭᠦᠢᠴᠡᠳ ᠲᠤᠭᠤᠰᠢᠯᠠᠭᠤᠯᠬᠤ ᠬᠡᠷᠡᠭᠳᠡᠢ ᠬᠡᠪᠡ᠃ ︵ᠰᠤᠷᠪᠤᠯᠵᠢᠯᠠᠭᠴᠢ᠄ ᠼᠠᠢ ᠱᠢ ᠬᠤᠢ᠂ ᠯᠢᠦ ᠵᠢᠩ ᠬᠠᠨ   ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶ᠎ᠠ ᠶᠢᠨ ᠠᠯᠪᠠᠨ ᠭᠡᠷ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号