ᠦ᠋ ᠸᠧᠨ ᠴᠢᠩ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯ ᠤᠨ ᠳᠤᠭᠤᠶᠢᠯᠠᠩ ᠬᠤᠪᠢᠶᠠᠨ ᠶᠠᠷᠢᠯᠴᠠᠬᠤ ᠳᠤ ᠣᠷᠣᠯᠴᠠᠪᠠ
ᠨᠡᠶᠢᠲᠡᠯᠡᠭᠰᠡᠨ ᠴᠠᠭ᠄
2025/1/17
   1 ᠰᠠᠷ᠎ᠠ ᠶᠢᠨ 15 ᠤ ᠡᠳᠦᠷ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠡᠤ ᠸᠧᠨ ᠴᠢᠩ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯ ᠤᠨ ᠨᠢᠭᠡᠳᠦᠭᠡᠷ ᠶᠠᠷᠢᠯᠴᠠᠬᠤ ᠳᠤᠭᠤᠶᠢᠯᠠᠩ ᠤᠨ ᠶᠠᠷᠢᠯᠴᠠᠬᠤ ᠳᠤ ᠣᠷᠣᠯᠴᠠᠪᠠ᠃
    ᠶᠠᠷᠢᠯᠴᠠᠭᠠᠨ ᠤ ᠠᠬᠤᠶ ᠲᠠᠯᠠᠪᠠᠶ ᠶᠢᠨ ᠠᠭᠤᠷ ᠠᠮᠢᠰᠬᠤᠯ ᠬᠥᠷ ᠬᠥᠭᠵᠢᠶᠡᠨ ᠢᠶᠠᠷ ᠪᠢᠯᠬᠠᠵᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢᠳᠡᠪᠬᠢᠲᠡᠶ ᠪᠠᠷ ᠶᠠᠷᠢᠶ᠎ᠠ ᠲᠠᠯᠪᠢᠵᠤ᠂ ᠲᠡᠳᠡᠨ ᠤ ᠦᠬᠡ ᠶᠠᠷᠢᠶ᠎ᠠ ᠨᠢᠬᠡᠪᠦᠷᠢ  ᠳᠤ ᠬᠥᠭᠵᠢᠯᠲᠡ ᠶᠢ ᠰᠡᠳᠬᠢᠯ ᠳᠡᠭᠡᠨ ᠪᠤᠳᠤᠵᠤ᠂ ᠠᠷᠠᠳ ᠤᠨ ᠠᠮᠢᠳᠤᠷᠠᠯ ᠢ ᠠᠩᠬᠠᠷᠤᠨ ᠬᠠᠯᠠᠮᠵᠢᠯᠠᠵᠤ ᠪᠠᠶᠢᠭ᠎ᠠ ᠴᠢᠩ ᠦᠨᠡᠨᠴᠢ ᠰᠡᠳᠬᠢᠯᠭᠡ ᠢᠯᠡᠷᠡᠵᠤ ᠪᠠᠶᠢᠯ᠎ᠠ᠃ ᠤᠯᠠᠨ ᠢᠶᠠᠷ ᠢᠶᠠᠨ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠦᠨᠳᠦᠷᠴᠡ ᠲᠠᠢ ᠮᠥᠷᠲᠡᠭᠡᠨ ᠬᠠᠶᠢᠷ᠎ᠠ ᠰᠡᠳᠬᠢᠯᠭᠡ ᠲᠠᠢ᠂ ᠬᠥᠭᠵᠢᠯᠲᠡ ᠶᠢᠨ ᠴᠢᠭᠯᠡᠯ ᠢ ᠳᠤᠷᠠᠳᠤᠭᠰᠠᠨ ᠮᠥᠷᠲᠡᠭᠡᠨ ᠨᠠᠶᠢᠳᠠᠪᠤᠷᠢᠵᠢᠭᠤᠯᠬᠤ ᠡᠷᠴᠢᠮ ᠢ ᠴᠦ ᠴᠢᠬᠤᠯᠠᠴᠢᠯᠠᠵᠤ᠂ ᠭᠤᠣᠯ ᠰᠡᠳᠦᠪ ᠲᠣᠳᠣᠷᠬᠠᠢ᠂ ᠰᠡᠳᠬᠢᠮᠵᠢ ᠲᠣᠳᠣᠷᠬᠠᠢ ᠪᠠᠶᠢᠵᠤ᠂ ᠥᠩᠭᠡᠷᠡᠭᠰᠡᠨ ᠨᠢᠭᠡ ᠵᠢᠯ ᠤᠨ ᠠᠵᠢᠯ ᠢᠶᠠᠨ ᠪᠦᠬᠦ ᠲᠠᠯ᠎ᠠ ᠪᠠᠷ ᠪᠤᠰᠤᠳᠴᠢ ᠪᠠᠷ ᠳ᠋ᠦᠩᠨᠡᠭᠰᠡᠨ ᠪᠠᠶᠢᠨ᠎ᠠ ᠭᠡᠵᠦ ᠰᠠᠨᠠᠯ ᠨᠢᠭᠡᠲᠡᠢ ᠦᠵᠡᠵᠡᠭᠡᠪᠡ᠃     ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠶᠠᠷᠢᠬᠤ ᠶᠢ ᠨᠠᠷᠢᠨ ᠬᠢᠨᠠᠮᠠᠭᠠᠶ ᠰᠣᠨᠣᠰᠤᠭᠰᠠᠨ ᠤ    ᠳᠠᠷᠠᠭ᠎ᠠ᠂ ᠦ᠋ ᠸᠧᠨ ᠴᠢᠩ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠤᠨ᠎ᠠ᠂ ᠪᠠᠰᠠ ᠴᠤ ᠮᠠᠨ ᠤ ᠲᠤᠭᠤᠷᠢᠭ ᠤᠨ ᠬᠥᠭᠡᠭᠡᠵᠦ ᠭᠦᠶᠴᠡᠬᠦ ᠳᠠᠪᠠᠵᠤ ᠭᠠᠷᠬᠤ ᠶᠢ ᠲᠦᠷᠭᠡᠳᠬᠡᠬᠦ᠂ ᠪᠥᠬᠦ ᠬᠦᠴᠦᠨ ᠢᠶᠠᠷ ᠢᠶᠠᠨ ᠵᠠᠮ ᠨᠡᠭᠡᠭᠡᠨ ᠤᠷᠤᠭᠰᠢᠯᠠᠬᠤ ᠴᠢᠬᠤᠯᠠ ᠨᠢᠭᠡ ᠵᠢᠯ ᠪᠣᠯᠤᠨ᠎ᠠ᠃ ᠤᠯᠤᠰ ᠲᠥᠷᠤ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠤᠯᠤᠰ ᠲᠥᠷᠤ ᠶᠢᠨ ᠵᠥᠪᠯᠡᠯᠭᠡᠨ ᠤ ᠭᠡᠰᠢᠭᠦᠳ ᠳᠠᠪᠠᠭᠤᠯᠢᠭ ᠦᠢᠯᠡᠳᠦᠯ ᠢᠶᠠᠨ ᠤᠯᠠᠮ ᠨᠢᠭᠡ ᠠᠯᠬᠤᠮ ᠰᠠᠶᠢᠲᠤᠷ ᠪᠠᠳᠠᠷᠠᠭᠤᠯᠵᠤ᠂ ᠮᠠᠨ ᠤ ᠲᠤᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠤᠯᠪᠣᠭᠳᠠᠬᠤ ᠴᠢᠬᠤᠯᠠ ᠶᠡᠭᠡ ᠰᠡᠳᠦᠪ ᠲᠠᠢ ᠨᠢᠭᠲᠠ ᠤᠶᠠᠯᠳᠤᠭᠤᠯᠤᠨ᠂ ᠭᠡᠰᠢᠭᠦᠳ ᠢ ᠨᠠᠷᠢᠨ ᠨᠢᠮᠪᠠᠢ ᠵᠣᠬᠢᠶᠠᠨ ᠪᠠᠶᠢᠭᠤᠯᠵᠤ ᠵᠥᠪᠯᠡᠯᠭᠡ ᠬᠢᠵᠦ ᠵᠠᠰᠠᠭ ᠤᠨ ᠶᠠᠪᠤᠳᠠᠯ ᠢ ᠵᠥᠪᠯᠡᠬᠦ ᠠᠵᠢᠯ ᠢ ᠥᠷᠨᠢᠭᠦᠯᠬᠦ ᠬᠡᠷᠡᠭᠲᠡᠢ᠃ ᠠᠵᠤ ᠦᠢᠯᠡᠰ ᠤᠨ ᠲᠦᠷᠦ ᠶᠢᠨ ᠪᠤᠳᠤᠯᠭ᠎ᠠ ᠶᠢ ᠪᠣᠳᠠᠲᠠᠢ ᠨᠠᠶᠢᠳᠠᠪᠤᠷᠢᠵᠢᠭᠤᠯᠬᠤ ᠳᠤ ᠦᠨᠡᠨ ᠬᠦ ᠬᠦᠴᠦᠨ ᠨᠡᠮᠡᠷᠢᠯᠡᠵᠦ᠂ ᠭᠠᠵᠠᠷ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠦᠷᠭᠦᠯᠵᠢᠯᠡᠨ ᠬᠦᠴᠦᠨ ᠨᠡᠮᠡᠷᠢᠯᠡᠬᠦ ᠬᠡᠷᠡᠭᠲᠡᠢ᠃ ᠤᠯᠤᠰ ᠲᠦᠷᠦ ᠶᠢᠨ ᠵᠥᠪᠯᠡᠯᠭᠡᠨ ᠤ ᠴᠢᠳᠠᠪᠤᠷᠢᠲᠠᠨ ᠴᠤᠭᠯᠠᠷᠠᠭᠰᠠᠨ᠂ ᠤᠶᠤᠨ ᠤᠬᠠᠭᠠᠨ ᠲᠦᠪᠯᠡᠷᠡᠭᠰᠡᠨ ᠳᠠᠪᠠᠭᠤᠯᠢᠭ ᠢ ᠪᠦᠲᠦᠮᠵᠢᠲᠡᠢ ᠪᠠᠳᠠᠷᠠᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠭᠤᠣᠯᠳᠠᠯᠭ᠎ᠠ ᠲᠠᠢ᠂ ᠬᠦᠴᠢᠷᠲᠡᠢ᠂ ᠬᠠᠯᠠᠮᠰᠢᠯ ᠴᠡᠭ ᠪᠤᠯᠤᠬᠰᠠᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠴᠠᠭᠠᠨ ᠦᠵᠡᠬᠦ ᠪᠠᠶᠢᠴᠠᠭᠠᠨ ᠰᠤᠳᠤᠯᠬᠤ ᠠᠵᠢᠯ ᠢ ᠰᠠᠶᠢᠲᠤᠷ ᠵᠣᠬᠢᠶᠠᠨ ᠪᠠᠶᠢᠭᠤᠯᠵᠤ᠂ ᠵᠥᠪᠯᠡᠬᠦ ᠮᠠᠶ᠋ᠢᠭ ᠤᠨ ᠬᠢᠨᠠᠯᠲᠠ ᠲᠠᠯᠪᠢᠬᠤ ᠶᠢ ᠰᠠᠶᠢᠲᠤᠷ ᠥᠷᠨᠢᠭᠦᠯᠵᠦ᠂ ᠪᠠᠷᠠᠯᠠᠯᠳᠤ ᠴᠢᠨᠠᠷᠲᠠᠢ᠂ ᠬᠠᠨᠳᠤᠯᠭᠠᠲᠤ ᠴᠢᠨᠠᠷᠲᠠᠢ᠂ ᠬᠡᠷᠡᠭᠵᠢᠭᠦᠯᠵᠦ ᠪᠣᠯᠬᠤᠶᠢᠴᠠ ᠠᠷᠭ᠎ᠠ ᠪᠤᠳᠤᠯᠭ᠎ᠠ ᠰᠠᠨᠠᠭᠤᠯᠭ᠎ᠠ ᠶᠢ ᠴᠢᠷᠮᠠᠶᠢᠨ ᠳᠤᠷᠠᠳᠬᠤ ᠬᠡᠷᠡᠭᠲᠡᠢ᠃ ᠶᠠᠪᠤᠯᠴᠠᠭ᠎ᠠ ᠰᠣᠯᠢᠯᠴᠠᠭ᠎ᠠ ᠪᠠᠨ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠭᠡᠰᠢᠭᠦᠳ ᠤᠨ ᠥᠯᠢᠭᠡᠷ᠂ ᠬᠥᠨᠳᠡᠯᠡᠨ ᠲᠣᠭᠤᠷᠢᠭ ᠤᠨ ᠥᠯᠢᠭᠡᠷ ᠢ ᠰᠠᠶᠢᠲᠤᠷ ᠶᠠᠷᠢᠵᠤ᠂ ᠨᠠᠩ ᠣᠯᠠᠨ ᠠᠵᠤ ᠠᠬᠤᠶᠢᠯᠠᠯ᠂ ᠲᠥᠷᠥᠯ ᠵᠦᠶᠯ᠂ ᠴᠢᠳᠠᠪᠤᠷᠢᠲᠠᠨ᠂ ᠪᠠᠯᠠ ᠮᠥᠩᠭᠦ ᠶᠢ ᠬᠦᠨᠳᠡᠯᠡᠨ ᠲᠤᠭᠤᠷᠢᠭ ᠲᠤ ᠨᠠᠶᠢᠳᠠᠪᠤᠷᠢᠵᠢᠭᠤᠯᠤᠨ ᠨᠤᠳᠤᠭᠰᠢᠭᠤᠯᠬᠤ ᠶᠢ ᠠᠬᠢᠭᠤᠯᠵᠤ᠂ ᠬᠥᠨᠳᠡᠯᠡᠨ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠣᠯᠠᠨ ᠣᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠶ ᠭᠡᠪᠠ᠃ ︵ᠰᠤᠷᠪᠤᠯᠵᠢᠯᠠᠭᠴᠢ᠄ ᠭᠤᠤ ᠵᠢᠶᠠ ᠲᠦᠩ᠂ ᠯᠢᠦ ᠵᠢᠶᠠᠩ ᠲᠤᠤ ︵ᠳᠠᠳᠤᠯᠭ᠎ᠠ ᠶᠢᠨ ᠰᠤᠷᠪᠤᠯᠵᠢᠯᠠᠬᠴᠢ︶ ᠭᠤᠤ ᠰᠢᠨ ᠢᠦᠢ ︵ᠳᠠᠳᠤᠯᠭ᠎ᠠ ᠶᠢᠨ ᠰᠤᠷᠪᠤᠯᠵᠢᠯᠠᠬᠴᠢ︶   ᠬᠢᠨᠠᠨ ᠬᠠᠷᠭᠤᠭᠤᠯᠤᠬᠰᠠᠨ ᠨᠢ  ᠄ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠠᠯᠪᠠᠨ ᠭᠡᠷ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号