ᠬᠤ᠋ ᠴᠢᠶᠠᠩ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤ ᠳᠤᠭᠤᠶᠢᠯᠠᠩ ᠬᠤᠪᠢᠶᠠᠨ ᠶᠠᠷᠢᠯᠴᠠᠬᠤ ᠳᠤ ᠣᠷᠣᠯᠴᠠᠪᠠ
ᠨᠡᠶᠢᠲᠡᠯᠡᠭᠰᠡᠨ ᠴᠠᠭ᠄
2025/1/17
   1 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠬᠤ᠋ ᠴᠢᠶᠠᠩ ᠲᠡᠭᠦᠨ ᠤ ᠪᠠᠶᠢᠭ᠎ᠠ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠬᠤᠶᠠᠳᠤᠭᠠᠷ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠣᠷᠣᠯᠴᠠᠪᠠ᠃
    ᠶᠠᠷᠢᠯᠴᠠᠬᠤ ᠳᠤᠮᠳᠠ᠂ ᠲᠥᠯᠥᠭᠡᠯᠡᠭᠴᠢᠳ ᠢᠳᠡᠪᠬᠢᠲᠡᠶ ᠶᠠᠷᠢᠶ᠎ᠠ ᠲᠠᠯᠪᠢᠵᠤ᠂ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠬᠤ᠂ ᠦᠨᠳᠦᠰᠦᠨ ᠱᠠᠲᠤᠨ ᠤ ᠵᠠᠰᠠᠯᠲᠠ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠵᠡᠷᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠦᠨ ᠠᠮᠵᠢᠯᠲᠠ ᠪᠦᠲᠦᠮᠵᠢ ᠪᠠᠨ ᠶᠠᠷᠢᠵᠤ᠂ ᠲᠥᠷᠥᠭᠳᠡᠯ ᠢᠶᠠᠨ ᠲᠡᠯᠬᠡᠵᠤ᠂ ᠰᠠᠨᠠᠭᠤᠯᠭ᠎ᠠ ᠳᠤᠷᠠᠳᠪᠠ᠃ ᠬᠤ᠋ ᠴᠢᠶᠠᠩ ᠲᠥᠯᠥᠭᠡᠯᠡᠭᠴᠢ ᠨᠢᠭᠡᠪᠦᠷᠢ ᠶᠢᠨ ᠶᠠᠷᠢᠬᠤ ᠶᠢ ᠨᠠᠷᠢᠨ ᠬᠢᠨᠠᠮᠠᠭᠠᠢ ᠰᠣᠨᠣᠰᠴᠤ᠂ ᠨᠠᠷᠢᠨ ᠬᠢᠨᠠᠮᠠᠭᠠᠢ ᠲᠡᠮᠳᠡᠭᠯᠡᠵᠦ᠂ ᠪᠠᠶᠢᠨ ᠪᠠᠶᠢᠨ ᠲᠥᠯᠥᠭᠡᠯᠡᠭᠴᠢᠳ ᠲᠠᠢ ᠶᠠᠷᠢᠯᠴᠠᠨ ᠰᠣᠯᠢᠯᠴᠠᠵᠤ᠂ ᠤᠯᠠᠨ ᠤ ᠰᠠᠨᠠᠯ ᠰᠠᠨᠠᠭᠤᠯᠭ᠎ᠠ ᠶᠢ ᠭᠦᠢᠴᠡᠳ ᠨᠤᠲᠠᠯᠠᠬᠤ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠥᠯᠥᠭᠡᠯᠡᠭᠴᠢᠳ ᠤᠨ ᠰᠠᠨᠠᠭᠤᠯᠭ᠎ᠠ ᠶᠢ ᠨᠠᠷᠢᠨ ᠬᠢᠨᠠᠮᠠᠭᠠᠢ ᠰᠤᠳᠤᠯᠵᠤ ᠰᠢᠩᠭᠡᠭᠡᠨ ᠠᠪᠬᠤ ᠶᠢ ᠱᠠᠭᠠᠷᠳᠠᠪᠠ᠃ ᠬᠤ᠋ ᠴᠢᠶᠠᠩ ᠶᠠᠷᠢᠶᠠᠨ ᠳᠠᠭᠠᠨ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠪᠤᠭᠤᠲᠤ ᠳᠤ ᠵᠢᠭᠠᠪᠤᠷᠢᠯᠠᠬᠰᠠᠨ ︽ᠨᠢᠭᠡ ᠰᠢᠨ᠎ᠡ ᠶᠢ ᠡᠭᠦᠳᠴᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ᠡᠯ᠎ᠡ ᠱᠠᠲᠤᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠳᠤ ᠨᠡᠶᠢᠴᠡᠭᠰᠡᠨ᠂ ᠬᠥᠮᠦᠰ ᠤᠨ ᠰᠡᠳᠬᠢᠯ ᠢ ᠬᠥᠭᠵᠢᠭᠡᠵᠦ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠭᠰᠡᠨ ᠰᠠᠶᠢᠨ ᠢᠯᠡᠳᠬᠡᠯ ᠪᠣᠯᠵᠠᠢ᠂ ᠪᠢ ᠪᠦᠷᠢᠮᠦᠰᠦᠨ ᠵᠥᠪᠰᠢᠶᠡᠷᠡᠨ᠎ᠡ ᠬᠡᠪᠡ᠃     ᠬᠤ᠋ ᠴᠢᠶᠠᠩ᠂ ᠥᠩᠭᠡᠷᠡᠭᠰᠡᠨ ᠨᠢᠭᠡ ᠵᠢᠯ ᠳᠤ᠂ ᠬᠡᠳᠦ᠋ᠢᠪᠡᠷ ᠡᠯ᠎ᠡ ᠵᠦᠢᠯ ᠤᠨ ᠬᠦᠴᠢᠷ ᠪᠡᠷᠬᠡᠰᠢᠶᠡᠯ ᠥᠷᠢᠰᠥᠯᠳᠦᠭᠡᠨ ᠳᠤ ᠲᠤᠯᠭᠠᠷᠠᠭᠰᠠᠨ ᠪᠣᠯᠪᠠᠴᠤ᠂ ᠪᠢᠳᠡ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ  ᠶᠢᠨ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠯᠠᠪᠳᠠᠭᠤᠨ ᠠᠯᠬᠤᠭ᠎ᠠ ᠪᠠᠷ ᠤᠷᠤᠬᠰᠢᠯᠠᠵᠤ᠂ ᠠᠵᠤ ᠠᠬᠤᠢ ᠶᠢᠨ ᠬᠥᠭᠵᠢᠯᠲᠡ ᠲᠣᠭᠲᠠᠭᠤᠨ ᠤ ᠳᠤᠮᠳᠠ ᠠᠬᠢᠯᠲᠠ ᠲᠠᠢ ᠪᠠᠶᠢᠬᠤ ᠶᠢ    ᠪᠡᠶᠡᠯᠡᠭᠦᠯᠵᠦ᠂ ᠡᠯ᠎ᠡ ᠵᠦᠢᠯ ᠤᠨ ᠠᠵᠢᠯ ᠦᠢᠯᠡᠰ ᠴᠥᠮ ᠰᠢᠨ᠎ᠡ ᠦᠷ᠎ᠡ ᠪᠦᠲᠦᠮᠵᠢ ᠣᠯᠵᠤ᠂ ᠪᠦᠬᠦ ᠬᠤᠳᠠ ᠶᠢᠨ ᠬᠥᠭᠵᠢᠯᠲᠡ ᠳᠤ ᠬᠥᠨᠳᠡᠯᠡᠨ ᠲᠣᠭᠤᠷᠢᠭ ᠤᠨ ᠬᠦᠴᠦᠨ ᠴᠢᠳᠠᠯ ᠢᠶᠠᠨ ᠡᠷᠭᠦᠪᠡ᠃ ᠠᠮᠵᠢᠯᠲᠠ ᠪᠦᠲᠦᠮᠵᠢ ᠬᠢᠯᠪᠠᠷ ᠪᠤᠰᠤ ᠪᠠᠷ ᠢᠷᠡᠭᠰᠡᠨ ᠶᠤᠮ᠂ ᠪᠥᠬᠦ ᠲᠤᠭᠤᠷᠢᠭ ᠲᠠᠶᠠᠭᠠᠷ ᠢᠶᠠᠨ ᠬᠠᠲᠠᠭᠤ ᠪᠡᠷᠬᠡᠰᠢᠶᠡᠯ ᠢ ᠬᠠᠮᠲᠤ ᠪᠠᠷ ᠳᠤᠭᠤᠯᠤᠭᠰᠠᠨ ᠤ ᠦᠷ᠎ᠡ ᠳ᠋ᠦᠩ ᠮᠥᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠴᠢᠬᠤᠯᠠ ᠦᠶᠯᠡᠳᠦᠯ ᠢ ᠪᠠᠳᠠᠷᠠᠭᠤᠯᠤᠬᠰᠠᠨ ᠪᠠᠶᠢᠨ᠎ᠠ᠂ ᠣᠯᠠᠨ ᠤ ᠶᠠᠳᠠᠷᠠᠯ ᠵᠦᠳᠡᠷᠡᠯ ᠢ ᠬᠠᠶᠢᠬᠤᠷᠤᠯ ᠦᠬᠡᠢ ᠴᠢᠷᠮᠠᠶᠢᠨ ᠠᠵᠢᠯᠯᠠᠬᠰᠠᠨ ᠳᠤ ᠲᠠᠯᠠᠷᠬᠠᠵᠤ ᠪᠠᠶᠢᠨ᠎ᠠ ᠬᠡᠪᠡ᠃     ᠬᠤ᠋ ᠴᠢᠶᠠᠩ᠂ 2025 ᠣᠨ ᠪᠣᠯ ᠬᠥᠨᠳᠡᠯᠡᠨ ᠲᠣᠭᠤᠷᠢᠭ ᠤᠨ ᠡᠷᠡᠯᠬᠡᠭᠯᠡᠨ ᠲᠡᠮᠡᠴᠡᠬᠦ‍ ᠨᠢᠭᠡ ᠵᠢᠯ ᠮᠥᠨ᠂ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠦᠩᠬᠡᠷᠡᠭᠰᠡᠨ ᠤ ᠬᠤᠭᠤᠴᠠᠭ᠎ᠠ ᠪᠦᠷᠢ ᠶᠢᠨ ᠲᠤᠭᠤᠷᠢᠭ ᠤᠨ ᠨᠠᠮ ᠤᠨ ᠬᠤᠷᠢᠶᠠᠨ ᠤ ᠲᠠᠯᠪᠢᠭᠰᠠᠨ ᠰᠠᠶᠢᠨ ᠰᠠᠭᠤᠷᠢ ᠲᠠᠢ᠂ ᠬᠦᠴᠢᠷ ᠢ ᠳᠤᠭᠤᠯᠤᠨ ᠪᠡᠷᠬᠡ ᠶᠢ ᠳᠠᠪᠠᠵᠤ ᠵᠤᠷᠢᠬᠳᠠᠢ ᠠᠵᠢᠯᠯᠠᠳᠠᠭ ᠺᠠᠳ᠋ᠷ᠂ ᠲᠥᠯᠥᠭᠡᠯᠡᠭᠴᠢᠳ ᠤᠨ ᠡᠩᠨᠡᠭᠡ ᠲᠠᠢ ᠪᠣᠯᠬᠤᠷ ᠪᠢᠳᠡ ᠯᠠᠪᠲᠠᠶ ᠪᠥᠬᠦ ᠬᠤᠲᠠ ᠳᠤ ᠦᠷᠭᠦᠯᠵᠢᠯᠡᠨ ᠡᠮᠦᠨ᠎ᠡ ᠨᠢ ᠶᠠᠪᠤᠵᠤ᠂ ᠥᠯᠢᠭᠡᠷ ᠳᠠᠭᠤᠷᠢᠶᠠᠯ ᠪᠣᠯᠵᠣ ᠴᠢᠳᠠᠨ᠎ᠠ᠃ ᠲᠣᠭᠲᠠᠭᠤᠨ ᠤ ᠳᠤᠮᠳᠠ ᠠᠬᠢᠯᠲᠠ ᠲᠠᠢ ᠪᠠᠶᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ︽ᠲᠣᠭᠲᠠᠭᠤᠨ ᠪᠠᠶᠢᠯᠭᠠᠬᠤ︾ ᠦᠨᠳᠦᠰᠦᠨ ᠪᠠᠶᠢᠳᠠᠯ ᠢ ᠲᠠᠰᠤᠷᠠᠯᠲᠠ ᠥᠬᠡᠶ ᠥᠷᠭᠡᠳᠬᠡᠵᠦ᠂ ︽ᠠᠬᠢᠯᠳᠠ ᠲᠠᠢ ᠪᠤᠯᠬᠤ︾ ᠬᠦᠴᠦᠯᠡᠬᠦ ᠴᠡᠭ ᠢ ᠠᠳᠬᠤᠵᠤ᠂ ᠠᠵᠤ ᠦᠶᠯᠡᠰ ᠢ ᠬᠥᠭᠵᠢᠭᠦᠯᠬᠦ᠂ ᠬᠤᠲᠠ ᠶᠢᠨ ᠦᠢᠯᠡᠳᠦᠯ ᠴᠢᠳᠠᠪᠬᠢ ᠲᠠᠰ ᠢ ᠳᠡᠭᠡᠭᠰᠢᠯᠡᠭᠦᠯᠬᠦ᠂ ᠠᠵᠤ ᠠᠬᠤᠶᠢᠯᠠᠯ ᠳᠤ ᠦᠶᠯᠡᠴᠢᠯᠡᠬᠦ ᠵᠡᠷᠭᠡ ᠡᠯ᠎ᠡ ᠬᠦᠷᠢᠶᠡᠨ ᠳᠤ ᠰᠢᠨ᠎ᠡ ᠨᠡᠮᠡᠭᠳᠡᠯ ᠤᠨ ᠬᠡᠮᠵᠢᠶ᠎ᠡ ᠶᠢ ᠢᠳᠡᠪᠬᠢᠲᠡᠶ ᠥᠷᠭᠡᠳᠬᠡᠬᠦ ᠬᠡᠷᠡᠭᠲᠡᠶ᠃ ︽ᠬᠤᠶᠠᠷ ᠦᠨᠳᠦᠷᠯᠢᠭ ᠭᠤᠷᠪᠠᠨ ᠣᠷᠣᠨ ᠨᠢᠭᠡ ᠲᠥᠪ︾ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ︽ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ︾ ᠪᠠ ︽ᠭᠤᠷᠪᠠᠨ ︿ᠪᠠᠶᠢᠭ᠎ᠠ﹀ ᠳᠤ ᠦᠢᠯᠡᠴᠢᠯᠡᠵᠤ ᠬᠤᠶᠠᠷ ᠢ ᠡᠷᠢᠬᠦ︾ ᠠᠵᠢᠯ ᠢ ᠭᠦᠨᠵᠡᠭᠡᠶ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠰᠣᠶᠣᠯ ᠵᠡᠷᠭᠡ ᠡᠬᠢ ᠪᠠᠶᠠᠯᠢᠭ ᠤᠨ ᠳᠠᠪᠠᠭᠤᠯᠢᠭ ᠢ ᠭᠦᠶᠴᠡᠳ ᠪᠠᠳᠠᠷᠠᠭᠤᠯᠵᠤ᠂ ᠲᠡᠭᠦᠨ ᠢ ᠬᠥᠮᠦᠨ ᠠᠮᠠ ᠪᠠ ᠠᠵᠤ ᠦᠶᠯᠡᠰ ᠲᠤ ᠨᠠᠩ ᠰᠠᠶᠢᠲᠤᠷ ᠲᠥᠪᠯᠡᠷᠡᠭᠦᠯᠵᠦ᠂ ᠨᠠᠩ ᠣᠯᠠᠨ ᠬᠥᠮᠦᠨ ᠤ ᠬᠥᠨᠳᠡᠯᠡᠨ ᠢ ᠬᠠᠶᠢᠷᠠᠯᠠᠬᠤ᠂ ᠬᠥᠨᠳᠡᠯᠡᠨ ᠢ ᠪᠥᠲᠥᠭᠡᠨ ᠪᠠᠶᠢᠭᠤᠯᠵᠤ᠂ ᠬᠥᠨᠳᠡᠯᠡᠨ ᠢ ᠬᠥᠭᠵᠢᠭᠦᠯᠬᠦ ᠶᠢ ᠲᠠᠳᠠᠬᠤ ᠬᠡᠷᠡᠭᠲᠡᠶ ᠬᠡᠪᠡ᠃    ᠬᠤ᠋ ᠴᠢᠶᠠᠩ᠂ ᠠᠭᠤᠯᠠ ᠳᠠᠪᠠᠵᠤ ᠳᠠᠪᠠᠭ᠎ᠠ ᠶᠢ ᠦᠩᠬᠡᠷᠡᠬᠦ ᠳᠤ ᠲᠡᠰᠪᠦᠷᠢ ᠪᠠ ᠳᠠᠭᠠᠭᠠᠮᠠᠭᠠᠶ ᠶᠢ    ᠠᠳᠠᠯᠢᠳᠬᠠᠨ᠎ᠠ᠃ ᠪᠦᠬᠦ ᠲᠤᠭᠤᠷᠢᠭ ᠤᠨ ᠥᠷᠭᠡᠨ ᠤᠯᠠᠨ ᠺᠠᠳ᠋ᠷ ᠢᠯᠠᠩᠭᠤᠶ᠎ᠠ ᠤᠳᠤᠷᠢᠳᠬᠤ ᠺᠠᠳ᠋ᠷ ᠬᠠᠷᠢᠭᠤᠴᠠᠯᠭ᠎ᠠ ᠡᠭᠦᠷᠭᠡᠯᠡᠬᠦ ᠶᠢ ᠡᠷᠬᠢᠮᠯᠡᠵᠦ᠂ ᠵᠢᠳᠬᠦᠯ ᠴᠢᠷᠮᠠᠶᠢᠯᠭ᠎ᠠ ᠭᠠᠷᠭᠠᠬᠤ ᠶᠢ ᠬᠦᠬᠡᠬᠡᠴᠡᠯᠳᠦᠵᠤ᠂ ᠲᠦᠷᠦᠭᠦᠯᠡᠨ ︽ᠪᠤᠢ ᠪᠤᠯᠭᠠᠬᠤ ᠲᠡᠭᠡᠭᠰᠢᠯᠡᠬᠦᠯᠬᠦ ᠲᠡᠮᠡᠴᠡᠬᠦ︾ ᠲᠤᠰᠬᠠᠢ ᠰᠡᠳᠦᠪᠲᠦ ᠠᠵᠢᠯᠯᠠᠭ᠎ᠠ ᠶᠢᠨ ᠦᠷ᠎ᠡ ᠪᠦᠲᠦᠭᠡᠯ ᠢ ᠰᠠᠶᠢᠲᠤᠷ ᠪᠠᠬᠢᠵᠢᠭᠦᠯᠵᠦ᠂ ᠰᠠᠶᠢᠲᠤᠷ ᠥᠷᠭᠡᠳᠬᠡᠵᠦ᠂ ᠪᠠᠶᠢᠩᠭᠤ ᠪᠦᠲᠦᠮᠵᠢᠲᠡᠢ ᠥᠷᠨᠢᠭᠦᠯᠵᠦ᠂ ︽ᠯᠠᠪᠳᠠᠢ ᠰᠢᠢᠳᠪᠦᠷᠢᠯᠡᠬᠦ ᠠᠷᠭ᠎ᠠ ᠪᠠᠶᠢᠬᠤ ᠰᠡᠳᠬᠢᠬᠦᠢ︾ ᠪᠠ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠲᠥᠯᠥᠭᠡᠯᠡᠭᠴᠢᠳ ᠦᠪᠡᠷ ᠦᠪᠡᠷ ᠤᠨ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠠᠷᠠᠳ ᠤᠨ ᠲᠠᠭᠤᠨ ᠢ ᠳᠠᠮᠵᠢᠭᠤᠯᠵᠤ᠂ ᠠᠷᠭ᠎ᠠ ᠤᠬᠠᠭᠠᠨ ᠭᠠᠷᠭᠠᠨ ᠥᠭᠴᠦ᠂ ᠬᠥᠨᠳᠡᠯᠡᠨ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠨᠠᠩ ᠣᠯᠠᠨ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠬᠡᠪᠡ᠃ ︵ᠰᠤᠷᠪᠤᠯᠵᠢᠯᠠᠭᠴᠢ᠄ ᠹᠧᠩ ᠰᠢᠤᠸᠠᠢ᠂ ᠹᠠᠨ ᠷᠦᠢ ᠴᠢᠩ᠂ ᠵᠠᠩ ᠯᠧᠢ     ᠬᠢᠨᠠᠨ ᠬᠠᠷᠭᠤᠭᠤᠯᠤᠬᠰᠠᠨ ᠨᠢ᠄ ᠲᠤᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号