ᠲᠤᠭᠤᠶᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2025/1/20
    ᠲᠤᠭᠤᠶᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠥᠨᠥᠳᠦᠷ ︵1 ᠰᠠᠷ᠎ᠠ ᠶᠢᠨ 17 ᠤ ᠡᠳᠦᠷ︶ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠤᠭᠤᠶᠢᠭ ᠤᠨ ᠨᠠᠮ ᠤᠨ ᠬᠤᠷᠢᠶᠠᠨ ᠤ ᠱᠦᠵᠢ ᠬᠤ᠋ ᠴᠢᠶᠠᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃
    ᠬᠤᠷᠠᠯ ᠠᠴᠠ 1 ᠰᠠᠷ᠎ᠠ ᠶᠢᠨ 9 ᠤ ᠡᠳᠦᠷ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠲᠤᠭᠤᠶᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠪᠠᠷ ᠨᠠᠮ ᠤᠨ ᠪᠠᠶᠢᠭᠤᠯᠤᠯᠲᠠ ᠶᠢᠨ ᠡᠯ᠎ᠡ ᠵᠦᠶᠯ ᠤᠨ ᠠᠵᠢᠯ ᠢ ᠶᠡᠷᠦᠩᠬᠡᠶᠢᠯᠡᠨ ᠵᠢᠯᠣᠭᠤᠳᠣᠭᠤᠯᠬᠤ ᠶᠢ ᠪᠠᠷᠢᠮᠲᠠᠯᠠᠵᠤ᠂ ᠲᠤᠭᠤᠶᠢᠭ ᠤᠨ ᠨᠠᠮ ᠤᠨ ᠬᠤᠷᠢᠶᠠᠨ ᠤ ᠠᠷᠪᠠᠨ ᠬᠤᠶᠠᠳᠤᠭᠠᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ᠂ ᠲᠤᠭᠤᠶᠢᠭ ᠤᠨ ︽ᠬᠤᠶᠠᠷ ᠬᠤᠷᠠᠯ︾ ᠳᠤ ᠲᠣᠳᠣᠷᠬᠠᠶᠢᠯᠠᠭᠰᠠᠨ ᠬᠠᠷᠠᠯᠲᠠ ᠡᠭᠦᠷᠭᠡ ᠶᠢ ᠲᠣᠭᠲᠠᠭᠠᠵᠤ᠂ ᠡᠯ᠎ᠡ ᠵᠦᠶᠯ ᠤᠨ ᠠᠵᠢᠯ ᠤᠨ ᠡᠮᠦᠨ᠎ᠡ ᠨᠢ ᠶᠠᠪᠤᠵᠤ᠂ ᠥᠯᠢᠭᠡᠷ ᠳᠠᠭᠤᠷᠢᠶᠠᠯ ᠪᠣᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃       ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ︽ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠣᠭᠤᠷᠢᠨ ᠪᠠᠶᠢᠴᠠᠭᠠᠬᠤ ᠠᠵᠢᠯ ᠳᠤ ᠬᠠᠮᠵᠢᠯᠴᠠᠬᠤ ᠲᠣᠭᠲᠠᠭᠠᠯ︾ ᠢ ᠤᠯᠠᠮᠵᠢᠯᠠᠨ ᠰᠤᠷᠤᠯᠴᠠᠵᠤ᠂ ᠶᠡᠷᠦᠩᠬᠡᠶ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ︽ᠲᠣᠭᠲᠠᠭᠠᠯ︾ ᠤᠨ ᠡᠯ᠎ᠡ ᠵᠦᠶᠯ ᠤᠨ ᠱᠠᠭᠠᠷᠳᠠᠯᠭ᠎ᠠ ᠲᠠᠢ ᠨᠠᠷᠢᠨ ᠬᠢᠨᠠᠮᠠᠭᠠᠶ ᠬᠠᠷᠭᠤᠭᠤᠯᠵᠤ᠂ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠦᠨ᠂ ᠲᠣᠭᠲᠠᠴᠠ ᠶᠢ ᠪᠦᠷᠢᠨᠰᠢᠬᠦᠯᠵᠤ᠂ ᠳᠡᠭᠡᠳᠦ ᠱᠠᠲᠤᠨ ᠤ ᠲᠣᠭᠤᠷᠢᠨ ᠪᠠᠶᠢᠴᠠᠭᠠᠯᠲᠠ ᠶᠢᠨ ᠬᠢᠨᠠᠯᠲᠠ ᠶᠢ ᠬᠦᠯᠢᠶᠡᠬᠦ ᠪᠠ ᠪᠥᠬᠦ ᠲᠤᠭᠤᠶᠢᠭ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢ ᠣᠷᠭᠠᠨᠢᠭ ᠢᠶᠠᠷ ᠤᠶᠠᠯᠳᠤᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ ︵ᠰᠤᠷᠪᠤᠯᠵᠢᠯᠠᠭᠴᠢ᠄ ᠯᠧᠢ ᠶᠤᠸᠠᠨ ᠶᠤᠸᠠᠨ᠂ ᠭᠤᠤ ᠵᠢᠶᠠ ᠲᠦᠩ᠂ ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号