ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠲᠤᠰᠬᠠᠶ ᠰᠡᠳᠦᠪᠲᠦ ᠬᠤᠷᠠᠯ ᠬᠤᠷᠠᠯᠳᠤᠵᠤ ᠲᠣᠭᠤᠷᠢᠨ ᠪᠠᠶᠢᠴᠠᠭᠠᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠣᠭᠤᠷᠢᠨ ᠪᠠᠶᠢᠴᠠᠭᠠᠭᠰᠠᠨ ᠦᠷ᠎ᠡ ᠪᠦᠲᠦᠭᠡᠯ ᠤᠨ ᠬᠡᠷᠡᠭᠯᠡᠯᠲᠡ ᠶᠢ ᠰᠤᠳᠤᠯᠪᠠ
ᠨᠡᠶᠢᠲᠡᠯᠡᠭᠰᠡᠨ ᠴᠠᠭ᠄
2025/1/22
    1 ᠰᠠᠷ᠎ᠠ ᠶᠢᠨ 18 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠠᠷᠪᠠᠨ ᠬᠤᠶᠠᠳᠤᠭᠠᠷ ᠬᠤᠭᠤᠴᠠᠭᠠᠨ ᠤ ᠲᠣᠭᠤᠷᠢᠭ ᠤᠨ ᠨᠠᠮ ᠤᠨ ᠬᠤᠷᠢᠶᠠᠨ ᠤ ᠳᠣᠯᠣᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠣᠭᠤᠷᠢᠨ ᠪᠠᠶᠢᠴᠠᠭᠠᠭᠰᠠᠨ ᠦᠷ᠎ᠡ ᠪᠦᠲᠦᠭᠡᠯ ᠤᠨ ᠬᠡᠷᠡᠭᠯᠡᠯᠲᠡ ᠶᠢ ᠰᠤᠳᠤᠯᠵᠤ᠂ ᠲᠠᠷᠠᠭᠠᠴᠢ ᠶᠢᠨ ᠱᠠᠲᠤᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠬᠤ᠋ ᠴᠢᠶᠠᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃     ᠲᠣᠭᠤᠷᠢᠭ ᠤᠨ ᠤᠳᠤᠷᠢᠳᠤᠯᠭ᠎ᠠ ᠢᠦᠢ ᠵᠠᠨ ᠵᠢᠶᠠᠩ᠂ ᠯᠢᠦ ᠷᠦᠢ ᠯᠦᠩ᠂ ᠬᠤ᠋ ᠲᠢᠩ᠂ ᠰᠤ᠋ ᠵᠢᠶᠦ᠋ᠨ ᠬᠤᠷᠠᠯ ᠳᠤ ᠣᠷᠣᠯᠴᠠᠪᠠ᠃     ᠬᠤᠷᠠᠯ ᠠᠴᠠ᠂ ᠤᠯᠤᠰ ᠲᠦᠷᠦ ᠶᠢᠨ ᠲᠤᠭᠤᠷᠢᠨ ᠪᠠᠶᠢᠴᠠᠭᠠᠯᠲᠠ ᠶᠢ ᠭᠦᠨᠵᠡᠭᠡᠶᠢᠷᠡᠭᠦᠯᠵᠦ᠂ ᠲᠤᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠤᠬᠠᠮᠰᠠᠷ ᠠᠴᠠ ᠪᠠᠨ ᠤᠯᠤᠰ ᠲᠦᠷᠦ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ︽ᠬᠤᠶᠠᠷ ᠢ ᠬᠠᠮᠠᠭᠠᠯᠠᠬᠤ︾ ᠦᠨᠳᠦᠰᠦᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ︽ᠨᠢᠭᠡ ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠮᠣᠩᠭᠤᠯ ᠮᠤᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠨᠡᠭᠡᠭᠡᠬᠦ᠂ ᠳᠤᠮᠳᠠ ᠲᠦᠪᠰᠢᠨ ᠳᠤ ᠣᠷᠣᠬᠤ︾ ᠲᠠᠢ ᠨᠢᠬᠳᠠ ᠤᠶᠠᠯᠳᠤᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠨᠢᠭᠡ ᠰᠢᠨ᠎ᠡ ᠶᠢ ᠡᠭᠦᠳᠬᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠬᠦ ᠬᠡᠷᠡᠭᠲᠡᠢ᠃ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠴᠢᠩᠭ᠎ᠠ ᠠᠩᠬᠠᠷᠴᠤ᠂ ︽ᠤᠳᠤᠷᠢᠳᠬᠤ ᠪᠠᠭ ᠢᠯᠠᠩᠭᠤᠶ᠎ᠠ ︿ᠨᠢᠭᠡᠳᠦᠭᠡᠷ ᠭᠠᠷ﹀ ᠲᠤ ᠬᠢᠨᠠᠯᠲᠠ ᠲᠠᠯᠪᠢᠬᠤ ᠶᠢ ᠴᠢᠩᠭᠠᠳᠬᠠᠬᠤ︾ ᠶᠢ ᠨᠠᠷᠢᠨ ᠬᠢᠨᠠᠮᠠᠭᠠᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠲᠣᠭᠤᠷᠢᠨ ᠪᠠᠶᠢᠴᠠᠭᠠᠯᠲᠠ ᠳᠤ ᠢᠯᠡᠷᠡᠭᠦᠯᠦᠭᠰᠡᠨ ᠨᠡᠶᠢᠳᠡᠯᠭ ᠴᠢᠨᠠᠷᠲᠠᠶ ᠠᠰᠠᠭᠤᠳᠠᠯ ᠢ ᠨᠢᠭᠡᠳᠦᠯᠲᠡᠶ ᠲᠥᠯᠥᠪᠵᠢᠭᠦᠯᠬᠦ ᠶᠢ ᠴᠢᠬᠤᠯᠠᠴᠢᠯᠠᠵᠤ᠂ ᠲᠥᠷᠥᠯ ᠬᠤᠪᠢᠶᠠᠨ ᠰᠢᠶᠳᠪᠦᠷᠢᠯᠡᠵᠦ᠂ ᠬᠡᠯᠪᠡᠷᠢᠯ ᠤᠨ ᠴᠢᠨᠠᠷᠲᠠᠶ ᠪᠠ ᠲᠦᠭᠡᠮᠡᠯ ᠴᠢᠨᠠᠷᠲᠠᠶ ᠠᠰᠠᠭᠤᠳᠠᠯ ᠤᠨ ᠨᠠᠷᠢᠨ ᠲᠠᠩᠰᠠ ᠶᠢ ᠡᠮᠬᠢᠯᠡᠵᠦ᠂ ᠡᠯ᠎ᠡ ᠨᠢᠭᠡᠴᠢ ᠶᠢᠨ ᠬᠢᠨ ᠤ ︽ᠲᠤᠭᠤᠷᠢᠨ ᠪᠠᠶᠢᠴᠠᠭᠠᠭᠰᠠᠨ ᠥᠬᠡᠶ ᠪᠠᠷ ᠤᠷᠢᠳ ᠢᠶᠠᠷ ᠴᠡᠭᠴᠡᠯᠡᠨ ᠰᠠᠶᠢᠵᠢᠷᠠᠭᠤᠯᠬᠤ︾ ᠶᠢ ᠢᠳᠡᠪᠬᠢᠲᠡᠶ ᠥᠷᠨᠢᠭᠦᠯᠬᠦ ᠶᠢ ᠠᠬᠢᠭᠤᠯᠵᠤ᠂ ᠬᠡᠷᠡᠭ ᠢ ᠪᠠᠭ᠎ᠠ ᠳᠡᠭᠡᠷ᠎ᠡ ᠨᠢ ᠰᠡᠷᠭᠡᠶᠢᠯᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠶ᠃ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ︽ᠨᠢᠭᠡ ᠱᠤᠭᠤᠮ︾ ᠤᠨ ᠲᠣᠭᠲᠠᠴᠠ ᠶᠢ ᠨᠠᠶᠢᠳᠠᠪᠤᠷᠢᠵᠢᠭᠤᠯᠵᠤ᠂ ᠪᠦᠬᠦ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠢ ᠶᠢᠨ ᠬᠢᠨ ᠵᠣᠬᠢᠴᠠᠭᠤᠯᠤᠨ ᠬᠠᠮᠵᠢᠯᠴᠠᠬᠤ ᠶᠢ ᠴᠢᠬᠤᠯᠠᠴᠢᠯᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠲᠤᠯᠭᠠᠬᠤ᠂ ᠲᠦᠷᠢᠮ ᠲᠣᠭᠲᠠᠭᠠᠯ ᠲᠣᠭᠲᠠᠭᠠᠬᠤ ︽ᠬᠠᠮ ᠠᠷᠭ᠎ᠠ ᠬᠡᠮᠵᠢᠶ᠎ᠡ︾ ᠶᠢ ᠰᠠᠶᠢᠲᠤᠷ ᠬᠢᠵᠦ᠂ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠡ ᠠᠴᠠ ᠵᠦᠶᠴᠢᠯᠡᠨ ᠨᠥᠭᠦᠭᠡ ᠶᠢ ᠮᠡᠳᠡᠵᠦ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠶᠢ ᠱᠠᠯᠠᠪᠳᠠᠭᠤᠯᠤᠨ ᠱᠠᠭᠠᠷᠳᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠶ ᠬᠡᠵᠦ ᠴᠢᠬᠤᠯᠠᠴᠢᠯᠠᠪᠠ᠃     ᠬᠤᠷᠠᠯ ᠠᠴᠠ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ︽ᠰᠡᠭᠦᠯᠴᠢ ᠶᠢᠨ ᠠᠵᠢᠯ︾ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠰᠤᠷᠲᠠᠯ ᠤᠨ ᠳᠡᠭᠡᠭᠰᠢᠯᠡᠯᠲᠡ ᠶᠢ ᠠᠬᠢᠭᠤᠯᠵᠤ᠂ ︽ᠣᠳᠣᠬᠠᠨ ᠳᠤ ᠴᠡᠭᠴᠡᠯᠡᠨ ᠰᠠᠶᠢᠵᠢᠷᠠᠭᠤᠯᠬᠤ ᠪᠠ ᠤᠷᠳᠤ ᠬᠤᠭᠤᠴᠠᠭ᠎ᠠ ᠪᠠᠷ  ᠪᠠᠷᠢᠮᠳᠠᠯᠠᠬᠤ︾ ᠠᠵᠢᠯ ᠢ ᠦᠨᠡᠨ ᠬᠦ ᠰᠠᠶᠢᠲᠤᠷ ᠬᠢᠵᠦ᠂ ᠲᠣᠭᠲᠠᠭᠰᠠᠨ ᠬᠠᠷᠠᠯᠲᠠ ᠶᠢ ᠪᠡᠶᠡᠯᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠴᠡᠭᠴᠡᠯᠡᠨ ᠰᠠᠶᠢᠵᠢᠷᠠᠭᠤᠯᠵᠤ ᠥᠩᠭᠡᠷᠡᠭᠰᠡᠨ ᠠᠰᠠᠭᠤᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠲᠤᠶᠢᠯᠪᠤᠷᠢᠳᠠᠢ ᠪᠠᠶᠢᠴᠠᠭᠠᠵᠤ ᠳ᠋ᠦᠩᠨᠡᠨ᠂ ᠪᠠᠶᠢᠩᠭᠤ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠶ᠃ ᠦᠷ᠎ᠡ ᠪᠦᠲᠦᠭᠡᠯ ᠢ ᠬᠡᠷᠡᠭᠯᠡᠬᠦ ᠶᠢ ᠴᠢᠩᠭᠠᠳᠬᠠᠵᠤ᠂ ︽ᠱᠤᠭᠤᠬᠤ ᠲᠡᠭᠡᠭᠰᠢᠯᠡᠬᠦᠯᠬᠦ ᠲᠡᠮᠡᠴᠡᠬᠦ︾ ᠲᠤᠰᠬᠠᠢ ᠰᠡᠳᠦᠪᠲᠦ ᠠᠵᠢᠯᠯᠠᠭ᠎ᠠ ᠶᠢ ᠪᠠᠶᠢᠩᠭᠤ ᠪᠦᠲᠦᠮᠵᠢᠲᠡᠢ ᠥᠷᠨᠢᠭᠦᠯᠵᠦ᠂ ︽ᠯᠠᠪᠳᠠᠢ ᠰᠢᠢᠳᠪᠦᠷᠢᠯᠡᠬᠦ ᠠᠷᠭ᠎ᠠ ᠪᠠᠶᠢᠬᠤ︾ ᠰᠡᠳᠬᠢᠬᠦᠢ ᠶᠢ ᠠᠰᠠᠭᠤᠳᠠᠯ ᠢ ᠰᠢᠢᠳᠪᠦᠷᠢᠯᠡᠬᠦ ᠪᠦᠬᠦ ᠶᠠᠪᠤᠴᠠ ᠳᠤ ᠲᠤᠭᠤᠰᠢᠯᠠᠭᠤᠯᠵᠤ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠭᠰᠠᠨ ᠦᠷ᠎ᠡ ᠪᠦᠲᠦᠮᠵᠢ ᠶᠢ ︽ᠯᠠᠪᠳᠠᠢ ᠰᠢᠢᠳᠪᠦᠷᠢᠯᠡᠬᠦ ᠠᠷᠭ᠎ᠠ ᠪᠠᠶᠢᠬᠤ︾ ᠰᠡᠳᠬᠢᠬᠦᠢ ᠶᠢ ᠨᠠᠶᠢᠳᠠᠪᠤᠷᠢᠵᠢᠭᠤᠯᠬᠤ ᠳᠡᠭᠡᠷ᠎ᠡ ᠢᠯᠡᠷᠡᠭᠦᠯᠵᠦ᠂ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠬᠦ ᠳᠡᠭᠡᠷ᠎ᠡ ᠢᠯᠡᠷᠡᠭᠦᠯᠵᠦ᠂ ᠲᠡᠷᠢᠭᠦᠨ ᠵᠡᠷᠭᠡ ᠶᠢᠨ ᠠᠮᠵᠢᠯᠲᠠ ᠪᠦᠲᠦᠮᠵᠢ ᠭᠠᠷᠭᠠᠬᠤ ᠳᠡᠭᠡᠷ᠎ᠡ ᠢᠯᠡᠷᠡᠭᠦᠯᠬᠦ ᠬᠡᠷᠡᠭᠲᠡᠢ ᠬᠡᠵᠤ ᠱᠠᠭᠠᠷᠳᠠᠪᠠ᠃ ︵ᠢᠷᠡᠯᠲᠡ᠄ ᠲᠣᠭᠤᠷᠢᠭ ᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号