ᠬᠥᠨᠳᠡᠯᠡᠨ ᠲᠣᠭᠤᠷᠢᠭ ︽ᠴᠠᠯᠢᠩ ᠬᠦᠯᠦᠰᠦ ᠶᠢᠨ ᠲᠦᠯᠦᠬᠡ ᠲᠦᠪᠡᠭᠳᠡᠵᠤ ᠪᠠᠶᠢᠭ᠎ᠠ ᠠᠰᠠᠭᠤᠳᠠᠯ︾ ᠢ ᠪᠦᠬᠦ ᠬᠦᠴᠦ ᠪᠠᠷ ᠢᠶᠠᠨ ᠰᠢᠢᠳᠪᠦᠷᠢᠯᠡᠵᠦ ᠰᠡᠳᠬᠢᠯ ᠲᠠᠯᠪᠢᠨ ︽ᠴᠠᠯᠢᠩ ᠬᠦᠯᠦᠰᠦ ᠶᠢᠨ ᠬᠠᠮᠠᠭᠠᠯᠠᠭᠴᠢ︾ ᠪᠤᠯᠵᠤ ᠪᠤᠢ
ᠨᠡᠶᠢᠲᠡᠯᠡᠭᠰᠡᠨ ᠴᠠᠭ᠄
2025/1/23
    ︽ᠴᠠᠯᠢᠩ︾ ᠳᠤ ᠬᠤᠯᠪᠤᠬᠳᠠᠬᠰᠠᠨ ᠠᠷᠠᠳ ᠤᠨ ᠠᠮᠢᠳᠤᠷᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠨᠢᠨ ᠳᠡᠭᠡᠷ᠎ᠡ ᠨᠢ ᠬᠦᠴᠦᠯᠡᠵᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠨ᠂ ᠬᠥᠳᠡᠯᠮᠦᠷᠢᠴᠢᠳ ᠤᠨ ︽ᠬᠦᠴᠦ ᠬᠦᠳᠡᠯᠮᠦᠷᠢ ᠪᠠᠷ ᠢᠶᠠᠨ ᠤᠯᠤᠬᠰᠠᠨ ᠵᠣᠭᠤᠰ︾ ᠢ ᠴᠠᠭ ᠲᠤᠬᠠᠶ ᠳᠤᠨᠢ ᠣᠯᠵᠤ ᠦᠭᠬᠦᠨ᠂ ᠰᠠᠨᠠᠭ᠎ᠠ ᠠᠮᠤᠷ    ᠰᠢᠨᠡᠯᠡᠬᠦ ᠶᠢ ᠦᠨᠡᠨ ᠬᠦ ᠪᠠᠲᠤᠯᠠᠪᠠ᠃ ᠲᠤᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠠᠴᠠ ᠬᠥᠨᠳᠡᠯᠡᠨ ᠲᠣᠭᠤᠷᠢᠭ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠢᠶᠠᠷ ᠬᠦᠶᠰᠦ ᠪᠣᠯᠭᠠᠵᠤ᠂ 15 ᠪᠠᠯᠭᠠᠰᠤ ᠵᠡᠭᠡᠯᠢ ᠶᠢᠨ ᠬᠠᠤᠯᠢ ᠴᠠᠭᠠᠵᠠ ᠶᠢᠨ ᠲᠤᠰᠠᠯᠠᠮᠵᠢ ᠶᠢᠨ ᠥᠷᠲᠡᠭᠡ ᠪᠠᠷ ᠨᠢᠬᠡ ᠱᠤᠭᠤᠮ ᠪᠤᠯᠭᠠᠨ᠂ 110 ᠲᠣᠰᠬᠤᠨ ᠤ ᠰᠠᠭᠤᠭᠠᠯᠢ ᠠᠷᠠᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠷᠢᠯᠴᠠᠬᠤ ᠴᠡᠭ ᠢᠶᠠᠷ ᠲᠡᠮᠲᠡᠷᠢᠭᠦᠯ ᠪᠣᠯᠭᠠᠵᠤ᠂ ᠡᠬᠢ ᠪᠠᠶᠠᠯᠢᠭ ᠤᠨ ᠵᠢᠭᠰᠠᠭᠠᠯ ᠢ ᠪᠠᠶᠢᠭᠤᠯᠪᠠ᠃ ᠬᠤᠲᠠ ᠶᠢᠨ ᠪᠦᠬᠦ ᠬᠡᠪᠴᠢᠶᠡᠨ ᠳᠤ ᠨᠢᠬᠡᠳᠦᠯᠳᠡᠢ ᠭᠦᠶᠴᠡᠳᠬᠡᠬᠦ᠂ ᠤᠨᠳᠤᠤ ᠭᠠᠵᠠᠷ ᠤᠨ ᠬᠤᠭᠤᠷᠤᠨᠳᠤ ᠪᠠᠨ ᠬᠠᠮᠵᠢᠯᠴᠠᠬᠤ᠂ ᠬᠠᠪᠰᠤᠷᠤᠨ ᠭᠦᠶᠴᠡᠳᠬᠡᠵᠦ ᠣᠷᠣᠯᠠᠨ ᠭᠦᠶᠴᠡᠳᠬᠡᠬᠦ ᠵᠡᠷᠭᠡ ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠬᠡᠷᠡᠭᠵᠢᠭᠦᠯᠵᠦ᠂ ᠬᠥᠳᠡᠯᠮᠦᠷᠢᠴᠢᠳ ᠤᠨ ᠠᠬᠤᠢ ᠲᠠᠯᠠᠪᠠᠢ ᠳᠤ ᠴᠠᠭ ᠲᠤᠬᠠᠶ ᠳᠤᠨᠢ ᠣᠨᠣᠪᠴᠢᠲᠠᠶ᠂ ᠳᠥᠭᠦᠮ ᠲᠦᠷᠬᠡᠨ᠂ ᠴᠢᠨᠠᠷ ᠰᠠᠶᠢᠲᠠᠶ ᠬᠠᠤᠯᠢ ᠴᠠᠭᠠᠵᠠ ᠶᠢᠨ ᠲᠤᠰᠠᠯᠠᠮᠵᠢ ᠶᠢᠨ ᠦᠶᠯᠡᠴᠢᠯᠡᠭᠡ ᠭᠥᠷᠳᠡᠬᠦ ᠳᠤ ᠲᠥᠬᠦᠮ ᠦᠵᠡᠭᠦᠯᠪᠠ᠃ ︽ᠮᠥᠩᠬᠡ ᠰᠤᠪᠠᠭ︾᠂ ︽ᠬᠠᠤᠯᠢ ᠴᠠᠭᠠᠵᠠ ᠶᠢᠨ ᠲᠤᠰᠠᠯᠠᠮᠵᠢ ᠶᠢᠨ ᠦᠶᠯᠡᠴᠢᠯᠡᠭᠡᠨ ᠤ ᠬᠠᠮᠢᠶᠠᠷᠤᠯᠲᠠ ᠶᠢᠨ ᠰᠢᠰᠲ᠋ᠧᠮ︾ ᠵᠡᠷᠭᠡ ᠨᠡᠶᠢᠲᠡ ᠶᠢᠨ ᠲᠠᠪᠴᠠᠩ ᠳᠤ ᠲᠦᠰᠢᠭᠯᠡᠨ᠂ ︽ᠰᠦᠯᠵᠢᠶᠡᠨ ᠳᠡᠭᠡᠷ᠎ᠡ ᠭᠦᠶᠴᠡᠳᠬᠡᠬᠦ᠂ ᠠᠯᠠᠭᠠᠨ ᠳᠡᠭᠡᠷ᠎ᠡ ᠪᠠᠨ ᠭᠦᠶᠴᠡᠳᠬᠡᠬᠦ᠂ ᠪᠣᠯᠵᠣᠨ ᠭᠦᠶᠴᠡᠳᠬᠡᠬᠦ︾ ᠶᠢ ᠪᠡᠶᠡᠯᠡᠭᠦᠯᠪᠠ᠃ ᠬᠤᠳᠠᠯᠳᠤᠭᠠᠨ ᠤ ᠲᠣᠭᠤᠷᠢᠭ᠂ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ᠂ ᠬᠥᠯᠥᠰᠥᠨ ᠠᠵᠢᠯᠴᠢᠨ ᠲᠥᠪᠯᠡᠷᠡᠭᠰᠡᠨ ᠭᠠᠵᠠᠷ ᠵᠡᠷᠭᠡ ᠳᠤ ︽ᠬᠥᠮᠦᠨ ᠥᠬᠡᠶ ᠬᠠᠤᠯᠢ ᠴᠠᠭᠠᠵᠠ ᠶᠢᠨ ᠭᠠᠵᠠᠷ︾ ᠤᠨ ᠣᠶᠤᠨᠴᠢ ᠨᠢᠭᠡ ᠴᠣᠭᠴᠠᠲᠤ ᠮᠠᠰᠢᠨ ᠢ ᠲᠤᠬᠢᠷᠠᠭᠤᠯᠤᠨ ᠲᠠᠯᠪᠢᠵᠤ᠂    7 × 24 ᠴᠠᠭ ᠤᠨ ᠪᠦᠬᠦᠯᠢ ᠡᠳᠦᠷ ᠢᠶᠠᠷ ᠦᠢᠯᠡᠴᠢᠯᠡᠬᠦ ᠶᠢ ᠪᠠᠶᠠᠯᠡᠬᠦᠯᠵᠤ᠂ 6 ᠰᠧᠺᠦ᠋ᠨ᠋ᠳ᠋ ᠤᠨ ᠳᠣᠲᠣᠷ᠎ᠠ ᠰᠦᠶᠳᠬᠡᠯ ᠬᠤᠷᠢᠶᠠᠬᠤ ᠥᠬᠡᠶ ᠬᠠᠤᠯᠢ ᠴᠠᠭᠠᠵᠠ ᠶᠢᠨ ᠵᠥᠪᠯᠡᠯᠭᠡ ᠥᠭᠬᠦ ᠦᠶᠯᠡᠴᠢᠯᠡᠭᠡ ᠭᠥᠷᠳᠡᠬᠦ ᠶᠢ ᠪᠡᠶᠡᠯᠡᠭᠦᠯᠪᠡ᠃ ᠬᠠᠤᠯᠢ ᠴᠠᠭᠠᠵᠠ ᠶᠢᠨ ᠲᠤᠰᠠᠯᠠᠮᠵᠢ ᠶᠢᠨ ︽ᠰᠦᠯᠵᠢᠶᠡᠨ ᠳᠡᠭᠡᠷᠡᠬᠢ + ᠪᠤᠳᠠᠳᠤ ᠴᠤᠭᠴᠠ + ᠤᠶᠤᠨᠲᠤ ᠰᠦᠯᠵᠢᠶᠡᠨ ᠦᠶᠯᠡᠴᠢᠯᠡᠭᠡ︾ ᠶᠢ ᠪᠦᠷᠢᠨ ᠪᠥᠷᠬᠦᠭᠦᠯᠬᠦ ᠰᠢᠰᠲ᠋ᠧᠮ ᠢ ᠪᠠᠶᠢᠭᠤᠯᠵᠤ᠂ ᠬᠥᠳᠡᠯᠮᠦᠷᠢᠴᠢᠳ ᠤᠨ ᠬᠥᠳᠡᠯᠮᠦᠷᠢ ᠶᠢᠨ ᠬᠠᠷᠢᠴᠠᠭ᠎ᠠ᠂ ᠬᠥᠳᠡᠯᠮᠦᠷᠢ ᠶᠢᠨ ᠬᠥᠯᠥᠰᠥ ᠣᠯᠭᠤᠮᠵᠢ᠂ ᠬᠥᠳᠡᠯᠮᠦᠷᠢ ᠦᠶᠯᠡᠴᠢᠯᠡᠭᠡᠨ ᠤ ᠭᠡᠷ᠎ᠡ᠂ ᠳᠠᠭᠠᠳᠬᠠᠯ ᠤᠨ ᠪᠠᠲᠤᠯᠠᠭ᠎ᠠ ᠵᠡᠷᠭᠡ ᠬᠡᠷᠡᠭ ᠲᠤ ᠬᠤᠯᠪᠣᠭᠳᠠᠬᠤ ᠦᠶ᠎ᠡ ᠳᠤ᠂ ᠲᠡᠷᠡ ᠳᠠᠷᠤᠶ ᠳᠤᠨᠢ ᠬᠦᠰᠡᠯ ᠱᠠᠭᠠᠷᠳᠠᠯᠭ᠎ᠠ ᠪᠠᠨ ᠲᠤᠰᠬᠠᠬᠤ ︽ᠡᠭᠦᠳᠡ ᠲᠠᠢ︾ ᠪᠠᠶᠢᠬᠤ᠂ ︽ᠵᠠᠮ ᠲᠠᠢ︾ ᠪᠠᠶᠢᠬᠤ ᠶᠢ ᠪᠡᠶᠡᠯᠡᠭᠦᠯᠪᠡ᠃ ︵ᠬᠠᠤᠯᠢ ᠴᠠᠭᠠᠵᠠ ᠶᠢᠨ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号