︽ᠬᠥᠨᠳᠡᠯᠡᠨ ᠲᠣᠭᠤᠷᠢᠭ ᠤᠨ ᠲᠣᠰ ᠱᠠᠲᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠬᠢᠵᠢᠯᠳᠠ ᠶᠢᠨ ᠲᠦᠷᠦᠯ | ᠵᠦᠢᠯ ᠤᠨ ᠪᠦᠳᠦᠬᠡᠨ ᠪᠠᠶᠢᠭᠤᠯᠤᠯᠳᠠ ᠶᠢᠨ ᠬᠠᠮᠢᠶᠠᠷᠤᠯᠳᠠ ᠶᠢᠨ ᠠᠷᠭ᠎ᠠ ︵ᠲᠤᠷᠰᠢᠨ ᠬᠡᠷᠡᠭᠵᠢᠬᠦᠯᠬᠦ︶ ︾ ᠶᠢ | ᠲᠠᠷᠤᠮᠠᠯᠯᠠᠨ ᠲᠠᠷᠬᠠᠭᠠᠬᠤ ᠲᠤᠬᠠᠢ ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ | ᠮᠡᠳᠡᠭᠳᠡᠯ | ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠲᠠᠷᠬᠠᠭᠠᠪᠠ | ﹇2024﹈ 27 ᠳ᠋ᠤᠭᠠᠷ ᠲᠣᠭᠠᠲᠤ | | | ᠡᠯ᠎ᠡ ᠵᠡᠭᠡᠯᠢ ᠭᠤᠳᠤᠮᠵᠢ ᠪᠠᠯᠭᠠᠰᠤ᠂ ᠲᠣᠭᠤᠷᠢᠭ ᠲᠤ ᠰᠠᠭᠤᠭ᠎ᠠ᠂ ᠲᠣᠭᠤᠷᠢᠭ ᠲᠤ ᠬᠠᠷᠢᠶᠠᠯᠠᠭᠳᠠᠬᠤ ᠡᠯ᠎ᠡ | ᠬᠤᠯᠪᠤᠬᠳᠠᠯ ᠪᠥᠬᠦᠶ ᠰᠠᠯᠠᠭ᠎ᠠ ᠮᠥᠴᠢᠷ᠂ ᠨᠢᠭᠡᠴᠢ ᠳᠤ᠄ | ᠲᠣᠭᠤᠷᠢᠭ ᠤᠨ ᠵᠠᠰᠠᠭ ᠤᠨ ᠣᠷᠳᠣᠨ ᠤ ᠲᠤᠰᠬᠠᠶ ᠰᠡᠳᠦᠪᠲᠦ ᠬᠤᠷᠠᠯ ᠢᠶᠠᠷ ᠰᠤᠳᠤᠯᠤᠨ ᠵᠥᠪᠰᠢᠶᠡᠷᠡᠭᠦᠯᠦᠭᠡᠳ᠂ | ᠡᠳᠦᠭᠡ ︽ᠬᠥᠨᠳᠡᠯᠡᠨ ᠲᠣᠭᠤᠷᠢᠭ ᠤᠨ ᠲᠤᠰ ᠱᠠᠲᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ | ᠬᠡᠷᠡᠭᠵᠢᠭᠦᠯᠬᠦ︶︾ ᠶᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ | ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 12 ᠰᠠᠷ᠎ᠠ ᠶᠢᠨ 28 ᠤ ᠡᠳᠦᠷ | | | ᠬᠥᠨᠳᠡᠯᠡᠨ ᠲᠣᠭᠤᠷᠢᠭ ᠤᠨ ᠲᠤᠰ ᠱᠠᠲᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠦᠷᠦᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶ | ᠨᠢᠭᠡᠳᠦᠭᠡᠷ ᠪᠦᠯᠦᠭ ᠶᠡᠷᠦᠩᠬᠡᠶ ᠳᠦᠷᠢᠮ | ᠨᠢᠭᠡᠳᠦᠭᠡᠷ ᠵᠦᠶᠯ ᠪᠥᠬᠦ ᠲᠣᠭᠤᠷᠢᠭ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠥᠷᠥᠯ | ᠵᠦᠶᠯ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠵᠠᠰᠠᠭ ᠤᠨ ᠶᠠᠪᠤᠳᠠᠯ ᠤᠨ ᠮᠡᠳᠡᠭᠡ | ᠵᠠᠩᠭᠢ ᠶᠢᠨ ᠰᠢᠰᠲ᠋ᠧᠮ ᠤᠨ ᠬᠤᠯᠪᠣᠯᠳᠤᠨ ᠨᠡᠪᠲᠡᠷᠡᠯᠴᠡᠬᠦ᠂ ᠳ᠋ᠠᠶᠢᠲ᠋ᠠ ᠶᠢ ᠬᠠᠮᠲᠤ ᠪᠠᠷ ᠡᠳ᠋ᠯᠡᠬᠦ᠂ ᠲᠤᠬᠠᠶᠢᠯᠠᠭᠰᠠᠨ | ᠠᠵᠢᠯ ᠤᠨ ᠬᠠᠮᠵᠢᠯᠴᠠᠭ᠎ᠠ ᠶᠢ ᠠᠬᠢᠭᠤᠯᠤᠨ᠂ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠬᠦ ᠦᠷ᠎ᠡ ᠠᠰᠢᠭ ᠢ | ᠳᠡᠭᠡᠭᠰᠢᠯᠡᠭᠦᠯᠤᠨ᠂ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠦᠪᠰᠢᠨ ᠢ | ᠳᠡᠭᠡᠭᠰᠢᠯᠡᠭᠦᠯᠬᠦ ᠶᠢᠨ ᠲᠦᠯᠦᠬᠡ᠂ ︽ᠤᠯᠤᠰ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠥᠷᠥᠯ | ᠵᠦᠶᠯ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ︾ ︵ᠲᠥᠷᠥ ᠶᠢᠨ ᠶᠠᠪᠤᠳᠠᠯ ᠤᠨ ᠬᠤᠷᠢᠶ᠎ᠠ | ᠶᠢᠨ ᠠᠯᠪᠠᠨ ᠲᠢᠩᠬᠢᠮ ᠲᠠᠷᠬᠠᠭᠠᠪᠠ ﹇2019﹈ 57 ᠳ᠋ᠤᠭᠠᠷ ᠲᠣᠭᠠᠲᠤ︶᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠳ᠋ᠠᠶᠢᠲ᠋ᠠ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ | ᠠᠷᠭ᠎ᠠ︾ ︵ᠥᠪᠥᠷ ᠮᠤᠩᠭᠤᠯ ᠤᠨ ᠵᠠᠰᠠᠭ ᠤᠨ ᠤᠷᠳᠤᠨ ᠲᠠᠷᠬᠠᠭᠠᠪᠠ ﹇2024﹈ 19 ᠳ᠋ᠤᠭᠡᠷ ᠲᠣᠭᠠᠲᠤ︶᠂ | ︽ᠪᠤᠭᠤᠲᠤ ᠬᠤᠲᠠ ᠶᠢᠨ ᠲᠣᠰ ᠱᠠᠲᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠥᠷᠥᠯ | ᠵᠦᠶᠯ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︵ᠪᠤᠭᠤᠲᠤ | ᠬᠤᠳᠠ ᠶᠢᠨ ᠵᠠᠰᠠᠭ ᠤᠨ ᠣᠷᠳᠣᠨ ᠤ ᠠᠯᠪᠠᠨ ᠭᠡᠷ ᠲᠠᠷᠬᠠᠭᠠᠪᠠ ﹇2024﹈ 106 ᠳ᠋ᠤᠭᠠᠷ ᠲᠣᠭᠠᠲᠤ︶ ᠵᠡᠷᠭᠡ | ᠲᠣᠭᠲᠠᠭᠠᠯ ᠢ ᠦᠨᠳᠦᠰᠦᠯᠡᠨ᠂ ᠬᠥᠨᠳᠡᠯᠡᠨ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ ᠲᠤᠰ | ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠶᠯ ᠲᠣᠰ ᠠᠷᠭ᠎ᠠ ᠳᠤ ᠬᠡᠯᠡᠵᠦ ᠪᠠᠶᠢᠭ᠎ᠠ ᠵᠠᠰᠠᠭ ᠤᠨ ᠶᠠᠪᠤᠳᠠᠯ ᠤᠨ ᠮᠡᠳᠡᠭᠡ | ᠵᠠᠩᠭᠢᠵᠢᠯᠲᠠ ᠶᠢᠨ ᠲᠥᠷᠥᠯ ᠵᠦᠶᠯ ᠭᠡᠳᠡᠭ ᠨᠢ ᠲᠤᠭᠤᠷᠢᠭ ᠤᠨ ᠲᠣᠰ ᠱᠠᠲᠤᠨ ᠤ ᠡᠳ᠋ ᠤᠨ ᠵᠠᠰᠠᠭ ᠤᠨ ᠪᠠᠯᠠ | ᠮᠥᠩᠭᠦ ᠶᠢ ᠬᠡᠷᠡᠭᠯᠡᠨ ᠪᠥᠲᠥᠭᠡᠨ ᠪᠠᠶᠢᠭᠤᠯᠤᠭᠰᠠᠨ ᠪᠤᠶᠤ ᠬᠤᠳᠠᠯᠳᠤᠨ ᠠᠪᠴᠤ ᠦᠶᠯᠡᠴᠢᠯᠡᠬᠦ ᠠᠷᠭ᠎ᠠ ᠮᠠᠶ᠋ᠢᠭ ᠢᠶᠠᠷ | ᠳᠠᠮᠵᠢᠨ ᠬᠡᠷᠡᠭᠵᠢᠭᠦᠯᠦᠭᠰᠡᠨ᠂ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠤᠨ ᠠᠵᠢᠯ ᠢ ᠰᠢᠭᠤᠳ ᠳᠡᠮᠵᠢᠬᠦ ᠪᠤᠶᠤ | ᠡᠭᠦᠷᠭᠡ ᠴᠢᠳᠠᠪᠤᠷᠢ ᠶᠢ ᠨᠢ ᠭᠦᠶᠴᠡᠳᠬᠡᠬᠦ ᠡᠯ᠎ᠡ ᠲᠥᠷᠥᠯ ᠤᠨ ᠨᠢᠭᠤᠴᠠ ᠳᠤ ᠥᠯᠥ ᠬᠤᠯᠪᠣᠭᠳᠠᠬᠤ ᠮᠡᠳᠡᠭᠡ | ᠵᠠᠩᠭᠢ ᠶᠢᠨ ᠰᠢᠰᠲ᠋ᠧᠮ ᠢ ᠵᠢᠭᠠᠵᠤ ᠪᠣᠶ᠃ ᠨᠢᠭᠤᠴᠠ ᠳᠤ ᠬᠤᠯᠪᠣᠭᠳᠠᠬᠤ ᠵᠠᠰᠠᠭ ᠤᠨ ᠶᠠᠪᠤᠳᠠᠯ ᠤᠨ ᠮᠡᠳᠡᠭᠡ | ᠵᠠᠩᠭᠢᠵᠢᠯᠲᠠ ᠶᠢᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠤᠯᠤᠰ ᠤᠨ ᠨᠢᠭᠤᠴᠠ ᠶᠢ ᠬᠠᠮᠠᠭᠠᠯᠠᠬᠤ | ᠬᠠᠮᠢᠶᠠᠷᠤᠯᠲᠠ ᠶᠢᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠭᠤᠷᠪᠠᠳᠤᠭᠠᠷ ᠵᠦᠶᠯ ᠲᠤᠭᠤᠷᠢᠭ ᠤᠨ ᠲᠣᠰ ᠱᠠᠲᠤᠨ ᠤ ᠮᠡᠳᠡᠭᠡ ᠵᠠᠩᠭᠢᠵᠢᠯᠲᠠ ᠶᠢᠨ ᠲᠥᠷᠥᠯ ᠵᠦᠶᠯ ᠤᠨ | ᠪᠥᠲᠥᠭᠡᠨ ᠪᠠᠶᠢᠭᠤᠯᠤᠯᠲᠠ ᠨᠢ ᠨᠢᠭᠡᠳᠦᠯᠲᠡᠶ ᠲᠥᠯᠥᠪᠵᠢᠭᠦᠯᠬᠦ᠂ ᠡᠷᠴᠢᠮᠵᠢᠭᠦᠯᠦᠨ ᠪᠥᠲᠥᠭᠡᠨ ᠪᠠᠶᠢᠭᠤᠯᠬᠤ᠂ ᠡᠬᠢ | ᠪᠠᠶᠠᠯᠢᠭ ᠢ ᠬᠠᠮᠲᠤᠪᠠᠷ ᠡᠳ᠋ᠯᠡᠬᠦ᠂ ᠬᠠᠮᠵᠢᠯᠴᠠᠨ ᠬᠡᠷᠡᠭᠯᠡᠬᠦ᠂ ᠠᠮᠤᠷ ᠲᠦᠪᠰᠢᠨ ᠨᠠᠶᠢᠳᠠᠪᠤᠷᠢᠲᠠᠶ ᠪᠠᠶᠢᠬᠤ ᠵᠠᠷᠴᠢᠮ ᠢ | ᠵᠢᠷᠤᠮᠯᠠᠬᠤ ᠬᠡᠷᠡᠭᠲᠡᠶ᠃ | ᠳᠥᠷᠪᠡᠳᠦᠭᠡᠷ ᠵᠦᠶᠯ ᠲᠤᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ | ᠦᠶᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠨ᠂ ᠲᠤᠭᠤᠷᠢᠭ ᠤᠨ ᠨᠠᠮ ᠤᠨ | ᠬᠤᠷᠢᠶᠠᠨ ᠤ ᠢᠨᠲ᠋ᠧᠷ ᠰᠦᠯᠵᠢᠶᠡᠨ ᠤ ᠠᠮᠤᠷ ᠲᠦᠪᠰᠢᠨ ᠬᠢᠭᠡᠳ ᠮᠡᠳᠡᠭᠡ ᠵᠠᠩᠬᠢᠵᠢᠯᠳᠠ ᠶᠢᠨ ᠵᠦᠪᠯᠡᠯ ᠤᠨ ᠠᠯᠪᠠᠨ | ᠬᠡᠷ᠂ ᠲᠤᠭᠤᠷᠢᠭ ᠤᠨ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠵᠦᠪᠯᠡᠯ ᠤᠨ ᠠᠯᠪᠠᠨ ᠬᠡᠷ᠂ | ᠲᠤᠭᠤᠷᠢᠭ ᠤᠨ ᠨᠠᠮ ᠤᠨ ᠬᠤᠷᠢᠶ᠎ᠠ ᠶᠢᠨ ᠨᠢᠭᠤᠴᠠ ᠶᠢ ᠬᠠᠮᠠᠭᠠᠯᠠᠬᠤ ᠨᠢᠭᠤᠴᠠ ᠮᠠᠲ᠋ᠧᠷᠢᠶᠠᠯ ᠤᠨ ᠲᠣᠪᠴᠢᠶ᠎ᠠ᠂ | ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠤᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ | ᠲᠣᠪᠴᠢᠶ᠎ᠠ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠲᠤᠭᠤᠷᠢᠭ ᠤᠨ ᠲᠣᠰ ᠱᠠᠲᠤᠨ ᠤ | ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠥᠷᠥᠯ ᠵᠦᠶᠯ ᠤᠨ ᠬᠠᠮᠢᠶᠠᠷᠤᠯᠲᠠ ᠶᠢᠨ ᠠᠵᠢᠯ ᠤᠨ | ᠲᠣᠭᠲᠠᠴᠠ ᠶᠢ ᠪᠠᠶᠢᠭᠤᠯᠤᠨ᠎ᠠ᠂ ᠡᠭᠦᠷᠭᠡ ᠬᠠᠷᠢᠭᠤᠴᠠᠯᠭ᠎ᠠ ᠨᠢ ᠳᠤᠤᠷᠠᠬᠢ ᠮᠡᠲᠦ᠄ | ᠲᠤᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠶᠯᠡᠴᠢᠯᠡᠭᠡ ᠬᠢᠭᠡᠳ | ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠥᠷᠥᠯ | ᠵᠦᠶᠯ ᠢ ᠨᠢᠭᠡᠳᠦᠯᠲᠡᠶ ᠲᠦᠯᠦᠪᠵᠢᠬᠦᠯᠦᠨ ᠬᠠᠮᠢᠶᠠᠷᠬᠤ ᠶᠢ ᠬᠠᠷᠢᠭᠤᠴᠠᠵᠤ᠂ ᠲᠤᠭᠤᠷᠢᠭ ᠤᠨ ᠲᠣᠰ ᠱᠠᠲᠤᠨ ᠤ | ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠥᠷᠥᠯ ᠵᠦᠶᠯ ᠤᠨ ᠣᠨ ᠤ ᠪᠥᠲᠥᠭᠡᠨ ᠪᠠᠶᠢᠭᠤᠯᠤᠯᠲᠠ ᠶᠢᠨ | ᠲᠥᠯᠥᠪᠯᠡᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠲᠤᠭᠤᠷᠢᠭ ᠤᠨ ᠲᠣᠰ ᠱᠠᠲᠤᠨ ᠤ ᠵᠠᠰᠠᠭ ᠤᠨ | ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠥᠷᠥᠯ ᠵᠦᠶᠯ ᠢ ᠬᠢᠨᠠᠨ ᠵᠥᠪᠰᠢᠶᠡᠷᠡᠵᠦ᠂ ᠲᠥᠷᠥᠯ ᠵᠦᠶᠯ ᠤᠨ ᠪᠥᠲᠥᠭᠡᠨ | ᠪᠠᠶᠢᠭᠤᠯᠤᠯᠲᠠ᠂ ᠰᠢᠯᠭᠠᠨ ᠠᠪᠬᠤ ᠵᠡᠷᠭᠡ ᠠᠵᠢᠯ ᠢ ᠵᠢᠯᠣᠭᠤᠳᠤᠨ᠎ᠠ︔ ᠨᠡᠶᠢᠳᠡᠮ ᠬᠡᠷᠡᠭᠯᠡᠬᠦ ᠲᠥᠷᠥᠯ ᠤᠨ ᠵᠠᠰᠠᠭ ᠤᠨ | ᠶᠠᠪᠤᠳᠠᠯ ᠤᠨ ᠮᠡᠳᠡᠭᠡ ᠵᠠᠩᠭᠢ ᠶᠢᠨ ᠰᠠᠭᠤᠷᠢ ᠲᠦᠬᠦᠬᠡᠷᠦᠮᠵᠢ ᠪᠠ ᠮᠡᠳᠡᠭᠡ ᠵᠠᠩᠭᠢ ᠶᠢᠨ ᠰᠢᠰᠲ᠋ᠧᠮ ᠢ ᠨᠢᠭᠡᠳᠦᠯᠲᠡᠶ | ᠲᠦᠯᠦᠪᠵᠢᠬᠦᠯᠦᠨ ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠲᠣᠭᠤᠷᠢᠭ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡ ᠬᠢᠬᠡᠳ ᠳ᠋ᠠᠶᠢᠲ᠋ᠠ ᠶᠢᠨ ᠬᠠᠮᠢᠶᠠᠷᠤᠯᠳᠠ ᠶᠢᠨ ᠲᠣᠪᠴᠢᠶ᠎ᠠ︶ | ᠲᠤᠭᠤᠷᠢᠭ ᠤᠨ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠠᠮᠤᠷ ᠲᠦᠪᠰᠢᠨ ᠬᠢᠬᠡᠳ ᠮᠡᠳᠡᠭᠡ | ᠵᠠᠩᠬᠢᠵᠢᠯᠳᠠ ᠶᠢᠨ ᠵᠦᠪᠯᠡᠯ ᠤᠨ ᠠᠯᠪᠠᠨ ᠭᠡᠷ ᠨᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠥᠷᠥᠯ | ᠵᠦᠶᠯ ᠤᠨ ᠬᠤᠯᠪᠣᠭᠳᠠᠯ ᠪᠦᠬᠦᠢ ᠰᠦᠯᠵᠢᠶᠡᠨ ᠤ ᠠᠮᠤᠷ ᠲᠦᠪᠰᠢᠨ ᠤ ᠠᠵᠢᠯ ᠢ ᠨᠢᠭᠡᠳᠦᠯᠲᠡᠶ ᠲᠥᠯᠥᠪᠵᠢᠭᠦᠯᠦᠨ | ᠵᠣᠬᠢᠴᠠᠭᠤᠯᠬᠤ ᠶᠢ ᠬᠠᠷᠢᠭᠤᠴᠠᠨ᠎ᠠ︔ ᠲᠤᠭᠤᠷᠢᠭ ᠤᠨ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ | ᠵᠦᠪᠯᠡᠯ ᠤᠨ ᠠᠯᠪᠠᠨ ᠭᠡᠷ ᠨᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠥᠷᠥᠯ ᠵᠦᠶᠯ ᠤᠨ | ᠬᠤᠯᠪᠣᠭᠳᠠᠯ ᠪᠦᠬᠦᠢ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠠᠵᠢᠯ ᠢ ᠵᠢᠯᠣᠭᠤᠳᠬᠤ᠂ ᠬᠢᠨᠠᠯᠲᠠ ᠲᠠᠯᠪᠢᠬᠤ ᠪᠠ | ᠪᠠᠶᠢᠴᠠᠭᠠᠬᠤ ᠶᠢ ᠬᠠᠷᠢᠭᠤᠴᠠᠨ᠎ᠠ︔ ᠲᠤᠭᠤᠷᠢᠭ ᠤᠨ ᠨᠠᠮ ᠤᠨ ᠬᠤᠷᠢᠶ᠎ᠠ ᠶᠢᠨ ᠨᠢᠭᠤᠴᠠ ᠶᠢ ᠬᠠᠮᠠᠭᠠᠯᠠᠬᠤ ᠨᠢᠭᠤᠴᠠ | ᠮᠠᠲ᠋ᠧᠷᠢᠶᠠᠯ ᠤᠨ ᠲᠣᠪᠴᠢᠶ᠎ᠠ ᠨᠢ ᠪᠥᠬᠦ ᠲᠤᠭᠤᠷᠢᠭ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ | ᠲᠥᠷᠥᠯ ᠵᠦᠶᠯ ᠤᠨ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠤᠨ ᠬᠡᠷᠡᠭᠯᠡᠯᠲᠡ ᠶᠢᠨ ᠪᠠᠶᠢᠭᠤᠯᠤᠯᠲᠠ ᠪᠠ | ᠪᠦᠷᠢᠳᠬᠡᠨ ᠳᠠᠩᠰᠠᠯᠠᠬᠤ ᠠᠵᠢᠯ ᠢ ᠨᠢᠭᠡᠳᠦᠯᠲᠡᠶ ᠲᠦᠯᠦᠪᠵᠢᠬᠦᠯᠬᠦ᠂ ᠵᠢᠯᠣᠭᠤᠳᠬᠤ᠂ ᠬᠢᠨᠠᠯᠲᠠ ᠲᠠᠯᠪᠢᠬᠤ ᠪᠠ | ᠠᠬᠢᠭᠤᠯᠬᠤ ᠶᠢ ᠬᠠᠷᠢᠭᠤᠴᠠᠨ᠎ᠠ᠃ ︵ᠬᠠᠷᠢᠭᠤᠴᠠᠯᠭᠠᠲᠤ ᠨᠢᠭᠡᠴᠢ᠄ ᠲᠣᠭᠤᠷᠢᠭ ᠤᠨ ᠨᠠᠮ ᠤᠨ ᠬᠤᠷᠢᠶ᠎ᠠ ᠶᠢᠨ ᠢᠨᠲ᠋ᠧᠷ | ᠰᠦᠯᠵᠢᠶᠡᠨ ᠤ ᠠᠮᠤᠷ ᠲᠦᠪᠰᠢᠨ ᠬᠢᠬᠡᠳ ᠮᠡᠳᠡᠭᠡ ᠵᠠᠩᠬᠢᠵᠢᠯᠳᠠ ᠶᠢᠨ ᠵᠦᠪᠯᠡᠯ ᠤᠨ ᠠᠯᠪᠠᠨ ᠬᠡᠷ᠂ ᠲᠣᠭᠤᠷᠢᠭ ᠤᠨ | ᠨᠠᠮ ᠤᠨ ᠬᠤᠷᠢᠶ᠎ᠠ ᠶᠢᠨ ᠤᠯᠤᠰ ᠤᠨ ᠠᠮᠤᠷ ᠲᠦᠪᠰᠢᠨ ᠤ ᠵᠦᠪᠯᠡᠯ ᠤᠨ ᠠᠯᠪᠠᠨ ᠬᠡᠷ᠂ ᠲᠣᠭᠤᠷᠢᠭ ᠤᠨ ᠨᠠᠮ ᠤᠨ | ᠬᠤᠷᠢᠶ᠎ᠠ ᠶᠢᠨ ᠨᠢᠭᠤᠴᠠ ᠶᠢ ᠬᠠᠮᠠᠭᠠᠯᠠᠬᠤ ᠨᠢᠭᠤᠴᠠ ᠮᠠᠲ᠋ᠧᠷᠢᠶᠠᠯ ᠤᠨ ᠲᠣᠪᠴᠢᠶ᠎ᠠ︶ | ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠨᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ | ᠲᠥᠷᠥᠯ ᠵᠦᠶᠯ ᠤᠨ ᠪᠠᠯᠠ ᠮᠥᠩᠭᠦ ᠶᠢ ᠨᠢᠭᠡᠳᠦᠯᠲᠡᠶ ᠲᠦᠯᠦᠪᠵᠢᠬᠦᠯᠬᠦ᠂ ᠲᠥᠰᠦᠪ ᠤᠨ ᠬᠠᠮᠢᠶᠠᠷᠤᠯᠲᠠ᠂ ᠵᠠᠰᠠᠭ ᠤᠨ | ᠣᠷᠳᠣᠨ ᠤ ᠬᠤᠳᠠᠯᠳᠤᠨ ᠠᠪᠠᠨ᠋ᠥ ᠶᠢ ᠬᠢᠨᠠᠯᠲᠠ ᠲᠠᠯᠪᠢᠨ ᠬᠠᠮᠢᠶᠠᠷᠬᠤ ᠶᠢ ᠬᠠᠷᠢᠭᠤᠴᠠᠵᠤ᠂ ᠪᠠᠯᠠ ᠮᠥᠩᠭᠦ ᠶᠢᠨ | ᠬᠡᠷᠡᠭᠯᠡᠯᠲᠡ ᠳᠤ ᠬᠢᠨᠠᠯᠲᠠ ᠲᠠᠯᠪᠢᠵᠤ ᠪᠠᠶᠢᠴᠠᠭᠠᠨ᠎ᠠ︔ ᠲᠤᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ | ᠲᠣᠪᠴᠢᠶ᠎ᠠ ᠨᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠲᠤᠤᠷ ᠰᠦᠯᠵᠢᠶ᠎ᠡ ᠶᠢᠨ ᠠᠮᠤᠷ | ᠲᠦᠪᠰᠢᠨ ᠤ ᠳᠡᠰ ᠶᠤᠰᠤᠭᠠᠷ ᠬᠠᠮᠠᠭᠠᠯᠠᠬᠤ ᠲᠤᠬᠠᠢ ᠲᠠᠰ ᠲᠣᠭᠲᠠᠭᠠᠨ ᠳᠡᠩᠰᠡᠯᠡᠵᠦ ᠬᠢᠨᠠᠨ ᠬᠠᠷᠭᠤᠭᠤᠯᠬᠤ ᠪᠠ | ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠰᠠᠭᠤᠷᠢ ᠲᠦᠬᠦᠭᠡᠷᠦᠮᠵᠢ ᠶᠢᠨ ᠠᠮᠤᠷ ᠲᠦᠪᠰᠢᠨ ᠢ ᠬᠠᠮᠠᠭᠠᠯᠠᠬᠤ ᠳᠤ ᠬᠢᠨᠠᠯᠲᠠ | ᠲᠠᠯᠪᠢᠬᠤ ᠪᠠ ᠪᠠᠶᠢᠴᠠᠭᠠᠬᠤ ᠶᠢ ᠬᠠᠷᠢᠭᠤᠴᠠᠨ᠎ᠠ᠃ ︵ᠬᠠᠷᠢᠭᠤᠴᠠᠯᠭᠠᠲᠤ ᠨᠢᠭᠡᠴᠢ᠄ ᠲᠣᠭᠤᠷᠢᠭ ᠤᠨ ᠡᠳ᠋ ᠤᠨ | ᠵᠠᠰᠠᠭ ᠤᠨ ᠲᠣᠪᠴᠢᠶ᠎ᠠ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ︶ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠢ ᠠᠴᠠ ᠲᠥᠷᠥᠯ ᠵᠦᠢᠯ ᠤᠨ ᠬᠡᠷᠡᠭᠴᠡᠭᠡ ᠶᠢ | ᠳᠤᠷᠠᠳᠬᠤ᠂ ᠲᠥᠷᠥᠯ ᠵᠦᠢᠯ ᠢᠶᠠᠷ ᠲᠣᠭᠲᠠᠭᠠᠬᠤ ᠪᠠᠷ ᠭᠤᠶᠤᠴᠢᠯᠠᠨ ᠮᠡᠳᠡᠭᠦᠯᠬᠦ᠂ ᠪᠦᠲᠦᠭᠡᠨ ᠪᠠᠶᠢᠭᠤᠯᠤᠨ | ᠬᠠᠮᠢᠶᠠᠷᠬᠤ᠂ ᠪᠡᠯᠡ ᠮᠥᠩᠭᠦ ᠶᠢ ᠬᠡᠷᠡᠭᠯᠡᠬᠦ᠂ ᠠᠵᠢᠯᠯᠠᠭᠠᠨ ᠢ ᠬᠠᠮᠠᠭᠠᠯᠠᠬᠤ᠂ ᠡᠳ᠋ ᠬᠥᠷᠥᠩᠭᠡ ᠶᠢ ᠬᠠᠮᠢᠶᠠᠷᠬᠤ᠂ | ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠢ ᠨᠢᠭᠤᠴᠠᠯᠠᠨ ᠬᠠᠮᠠᠭᠠᠯᠠᠬᠤ᠂ ᠲᠤᠤᠷ ᠰᠦᠯᠵᠢᠶ᠎ᠡ ᠬᠢᠭᠡᠳ ᠲᠤᠭ᠎ᠠ | ᠪᠠᠷᠢᠮᠲᠠ ᠶᠢᠨ ᠠᠮᠤᠷ ᠲᠦᠪᠰᠢᠨ ᠤ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠵᠤ᠂ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ︵ᠬᠠᠷᠢᠭᠤᠴᠠᠯᠭᠠᠲᠤ ᠨᠢᠭᠡᠴᠢ᠄ | ᠡᠯ᠎ᠡ ᠬᠤᠯᠪᠤᠬᠳᠠᠯ ᠪᠥᠬᠦᠶ ᠨᠢᠭᠡᠴᠢ︶ | ᠲᠣᠭᠤᠷᠢᠭ ᠤᠨ ᠲᠣᠰ ᠱᠠᠲᠤᠨ ᠤ ᠬᠤᠯᠪᠣᠭᠳᠠᠯ ᠪᠥᠬᠦᠶ ᠠᠵᠢᠯ ᠲᠥᠷᠥᠯ ︵ᠲᠤᠬᠠᠶᠢᠯᠠᠭᠰᠠᠨ ᠠᠵᠢᠯ︶ ᠤᠨ | ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ ᠲᠣᠰ ᠰᠠᠯᠠᠭ᠎ᠠ ᠮᠥᠴᠢᠷ ᠵᠢᠴᠢ ᠬᠠᠷᠢᠶ᠎ᠠ ᠨᠢᠭᠡᠴᠢ ᠶᠢᠨ ᠢᠶᠠᠨ ᠵᠠᠰᠠᠭ ᠤᠨ | ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠥᠷᠥᠯ ᠵᠦᠶᠯ ᠢ ᠰᠢᠰᠲ᠋ᠧᠮᠵᠢᠭᠦᠯᠦᠨ ᠬᠠᠮᠢᠶᠠᠷᠬᠤ ᠶᠢ ᠬᠠᠷᠢᠭᠤᠴᠠᠵᠤ᠂ | ᠲᠣᠰ ᠰᠠᠯᠠᠭ᠎ᠠ ᠮᠥᠴᠢᠷ ᠤᠨ ᠦᠯᠡᠳᠡᠭᠡᠯ ᠮᠡᠳᠡᠭᠡ ᠵᠠᠩᠭᠢ ᠶᠢᠨ ᠰᠢᠰᠲ᠋ᠧᠮ ᠢ ᠨᠡᠶᠢᠳᠬᠡᠬᠦ ᠪᠠ ᠰᠢᠨ᠎ᠡ ᠪᠠᠷ | ᠪᠠᠶᠢᠭᠤᠯᠤᠭᠰᠠᠨ ᠮᠡᠳᠡᠭᠡ ᠵᠠᠩᠭᠢᠵᠢᠯᠲᠠ ᠶᠢᠨ ᠲᠥᠷᠥᠯ ᠵᠦᠶᠯ ᠢ ᠬᠢᠨᠠᠨ ᠬᠠᠷᠭᠤᠭᠤᠯᠬᠤ ᠪᠣᠭᠤᠮᠲᠠ ᠶᠢ ᠠᠳᠬᠤᠬᠤ ᠶᠢ | ᠴᠢᠩᠭᠠᠳᠬᠠᠨ᠎ᠠ᠃ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠬᠤᠯᠪᠣᠯᠳᠤᠨ ᠨᠡᠪᠲᠡᠷᠡᠯᠴᠡᠬᠦ᠂ | ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ᠂ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠠᠬᠢᠭᠤᠯᠵᠤ᠂ | ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ︵ | ᠬᠠᠷᠢᠭᠤᠴᠠᠯᠭᠠᠲᠤ ᠨᠢᠭᠡᠴᠢ ᠄ ᠡᠯ᠎ᠡ ᠬᠤᠯᠪᠤᠬᠳᠠᠯ ᠪᠥᠬᠦᠶ ᠨᠢᠭᠡᠴᠢ︶ | ᠬᠤᠶᠠᠳᠤᠭᠠᠷ ᠪᠦᠯᠦᠭ ᠲᠥᠯᠥᠪᠵᠢᠭᠦᠯᠭᠡ ᠪᠠ ᠬᠢᠨᠠᠨ ᠵᠥᠪᠰᠢᠶᠡᠷᠡᠬᠦ ᠬᠠᠮᠢᠶᠠᠷᠤᠯᠲᠠ | ᠲᠠᠪᠤᠳᠤᠭᠠᠷ ᠵᠦᠶᠯ ᠲᠣᠭᠤᠷᠢᠭ ᠤᠨ ᠲᠣᠰ ᠱᠠᠲᠤᠨ ᠤ ᠵᠠᠰᠠᠭ ᠤᠨ ᠣᠷᠳᠣᠨ ᠤ ᠪᠠᠯᠠ ᠣᠷᠣᠭᠤᠯᠬᠤ ᠲᠥᠷᠥᠯ | ᠵᠦᠶᠯ ᠤᠨ ᠰᠢᠶᠳᠪᠦᠷᠢᠲᠦ ᠪᠣᠳᠣᠯᠭ᠎ᠠ ᠶᠢᠨ ᠬᠠᠮᠢᠶ᠎ᠠ ᠪᠥᠬᠦᠶ ᠬᠠᠮᠢᠶᠠᠷᠤᠯᠲᠠ ᠶᠢᠨ ᠱᠠᠭᠠᠷᠳᠠᠯᠭ᠎ᠠ ᠶᠣᠰᠣᠭᠠᠷ᠂ | ᠪᠠᠶᠢᠭᠤᠯᠬᠤ ᠪᠠᠷ ᠪᠠᠶᠢᠭ᠎ᠠ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠮᠡᠳᠡᠭᠡ ᠵᠠᠩᠭᠢᠵᠢᠯᠲᠠ ᠶᠢᠨ ᠲᠥᠷᠥᠯ | ᠵᠦᠶᠯ ᠳᠤ ᠪᠣᠯ ᠪᠤᠭᠤᠲᠤ ᠬᠤᠲᠠ ᠶᠢᠨ ᠲᠥᠷᠥᠯ ᠵᠦᠶᠯ ᠤᠨ ᠬᠦᠶᠰᠦ ᠪᠣᠯᠬᠤ ᠶᠡᠷᠦᠩᠬᠡᠶᠢᠯᠡᠭᠰᠡᠨ ᠦᠶᠯᠡᠴᠢᠯᠡᠭᠡᠨ ᠤ | ᠲᠠᠪᠴᠠᠩ ᠢᠶᠠᠷ ᠳᠠᠮᠵᠢᠭᠤᠯᠤᠨ ᠲᠥᠷᠥᠯ ᠵᠦᠶᠯ ᠤᠨ ᠬᠥᠮᠥᠷᠭᠡ ᠶᠢᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠲᠥᠷᠥᠯ | ᠵᠦᠢᠯ ᠤᠨ ᠬᠥᠮᠥᠷᠭᠡ ᠶᠢᠨ ᠬᠠᠮᠢᠶᠠᠷᠤᠯᠲᠠ ᠳᠤ ᠣᠷᠣᠭᠤᠯᠤᠭᠰᠠᠨ ᠦᠭᠡᠶ ᠮᠡᠳᠡᠭᠡ ᠵᠠᠩᠭᠢᠵᠢᠯᠲᠠ ᠶᠢᠨ ᠲᠥᠷᠥᠯ | ᠵᠦᠢᠯ ᠳᠤ ᠵᠠᠷᠴᠢᠮ ᠳᠡᠭᠡᠷ᠎ᠡ ᠪᠠᠨ ᠪᠡᠯᠡ ᠣᠷᠣᠭᠤᠯᠤᠯᠲᠠ ᠶᠢᠨ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠡᠰ | ᠳᠠᠷᠠᠭᠠᠯᠠᠯ ᠢ ᠡᠬᠢᠯᠡᠭᠦᠯᠬᠦ ᠦᠭᠡᠶ᠃ | ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠶᠯᠡᠴᠢᠯᠡᠭᠡ ᠬᠢᠭᠡᠳ | ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠠᠴᠠ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠲᠠᠢ | ᠬᠠᠮᠲᠤᠷᠠᠨ ᠳᠠᠷᠠᠭ᠎ᠠ ᠨᠢᠭᠡ ᠵᠢᠯ ᠤᠨ ᠪᠠᠶᠢᠭᠤᠯᠬᠤ ᠪᠠᠷ ︵ᠬᠤᠳᠠᠯᠳᠤᠨ ᠠᠪᠬᠤ︶ ᠪᠠᠶᠢᠭ᠎ᠠ ᠵᠠᠰᠠᠭ ᠤᠨ ᠶᠠᠪᠤᠳᠠᠯ ᠤᠨ | ᠮᠡᠳᠡᠭᠡ ᠵᠠᠩᠭᠢᠵᠢᠯᠲᠠ ᠶᠢᠨ ᠲᠥᠷᠥᠯ ᠵᠦᠶᠯ ᠢ ᠭᠤᠶᠤᠴᠢᠯᠠᠨ ᠮᠡᠳᠡᠭᠦᠯᠬᠦ ᠣᠨ ᠤ ᠲᠥᠯᠥᠪᠯᠡᠭᠡ ᠶᠢ ᠨᠠᠶᠢᠷᠠᠭᠤᠯᠤᠨ | ᠵᠣᠬᠢᠶᠠᠬᠤ ᠶᠢᠨ ᠬᠠᠮᠲᠤ ᠲᠣᠭᠤᠷᠢᠭ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ | ᠳᠣᠷᠣᠭᠰᠢ ᠪᠠᠭᠤᠯᠭᠠᠨ᠎ᠠ᠃ ︵ᠬᠠᠷᠢᠭᠤᠴᠠᠯᠭᠠᠲᠦ ᠨᠢᠭᠡᠴᠢ᠄ ᠲᠣᠭᠤᠷᠢᠭ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡ ᠬᠢᠬᠡᠳ ᠳ᠋ᠠᠶᠢᠲ᠋ᠠ ᠶᠢᠨ ᠬᠠᠮᠢᠶᠠᠷᠤᠯᠳᠠ ᠶᠢᠨ ᠲᠣᠪᠴᠢᠶ᠎ᠠ᠂ ᠲᠣᠭᠤᠷᠢᠭ ᠤᠨ ᠡᠳ᠋ ᠤᠨ ᠵᠠᠰᠠᠭ ᠤᠨ | ᠲᠣᠪᠴᠢᠶ᠎ᠠ᠂ ᠡᠯ᠎ᠡ ᠬᠤᠯᠪᠤᠬᠳᠠᠯ ᠪᠦᠬᠦᠢ ᠨᠢᠭᠡᠴᠢ︶ | ᠵᠢᠷᠭᠤᠳᠤᠭᠠᠷ ᠵᠦᠶᠯ ᠰᠠᠭᠤᠷᠢ ᠣᠯᠠᠨ ᠨᠡᠶᠢᠲᠡ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ | ᠲᠥᠷᠥᠯ ᠵᠦᠶᠯ ᠢ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠶᠯᠡᠴᠢᠯᠡᠭᠡ | ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠠᠴᠠ ᠭᠤᠶᠤᠴᠢᠯᠠᠨ ᠮᠡᠳᠡᠭᠦᠯᠦᠨ᠎ᠡ︔ ᠲᠤᠬᠠᠶᠢᠯᠠᠭᠰᠠᠨ | ᠠᠵᠢᠯ ᠤᠨ ᠬᠦᠷᠢᠶ᠎ᠡ ᠴᠠᠷᠠᠭ᠎ᠠ ᠳᠠᠬᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠥᠷᠥᠯ ᠵᠦᠶᠯ ᠢ ᠡᠯ᠎ᠡ | ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ ᠭᠤᠶᠤᠴᠢᠯᠠᠨ ᠮᠡᠳᠡᠭᠦᠯᠦᠨ᠎ᠡ︔ ᠰᠠᠯᠠᠭ᠎ᠠ ᠮᠥᠴᠢᠷ ᠠᠯᠤᠰᠯᠠᠨ | ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠥᠷᠥᠯ | ᠵᠦᠶᠯ ᠢ ᠪᠣᠯ ᠲᠦᠷᠦᠭᠦᠯᠡᠨ ᠬᠢᠬᠦ ᠰᠠᠯᠠᠭ᠎ᠠ ᠮᠥᠴᠢᠷ ᠠᠴᠠ ᠭᠤᠶᠤᠴᠢᠯᠠᠨ ᠮᠡᠳᠡᠭᠦᠯᠦᠨ᠎ᠡ᠃ ︵ᠬᠠᠷᠢᠭᠤᠴᠠᠯᠭᠠᠲᠦ | ᠨᠢᠭᠡᠴᠢ᠄ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠬᠡᠳ ᠳ᠋ᠠᠶᠢᠲ᠋ᠠ ᠶᠢᠨ ᠬᠠᠮᠢᠶᠠᠷᠤᠯᠳᠠ ᠶᠢᠨ | ᠲᠣᠪᠴᠢᠶ᠎ᠠ᠂ ᠡᠯ᠎ᠡ ᠬᠤᠯᠪᠤᠬᠳᠠᠯ ᠪᠦᠬᠦᠢ ᠨᠢᠭᠡᠴᠢ︶ | ᠳᠣᠯᠣᠳᠤᠭᠠᠷ ᠵᠦᠢᠯ ᠣᠨ ᠤ ᠲᠥᠯᠥᠪᠯᠡᠭᠡ ᠳᠤ ᠣᠷᠣᠭᠤᠯᠤᠭᠰᠠᠨ ᠲᠥᠷᠥᠯ ᠵᠦᠢᠯ ᠨᠢ ᠨᠢᠭᠡ ᠲᠣᠭᠲᠠᠭᠰᠠᠨ | ᠬᠡᠮᠵᠢᠶᠡᠨ ᠳᠤ ᠬᠦᠷᠪᠡᠯ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ ᠲᠥᠷᠥᠯ ᠵᠦᠢᠯ ᠢᠶᠠᠷ ᠲᠤᠬᠳᠠᠭᠠᠬᠤ ᠭᠠᠷᠳᠠᠮ ᠢ | ᠭᠦᠢᠴᠡᠳᠬᠡᠬᠦ ᠬᠡᠷᠡᠭᠲᠡᠶ᠃ ︵ᠬᠠᠷᠢᠭᠤᠴᠠᠯᠭᠠᠲᠤ ᠨᠢᠭᠡᠴᠢ᠄ ᠡᠯ᠎ᠡ ᠬᠤᠯᠪᠤᠬᠳᠠᠯ ᠪᠥᠬᠦᠶ ᠨᠢᠭᠡᠴᠢ︶ | ᠨᠠᠢᠮᠠᠳᠤᠭᠠᠷ ᠵᠦᠢᠯ ᠣᠨ ᠤ ᠲᠥᠯᠥᠪᠯᠡᠭᠡ ᠳᠤ ᠣᠷᠣᠭᠤᠯᠤᠭᠰᠠᠨ ᠦᠭᠡᠶ ᠲᠥᠷᠥᠯ ᠵᠦᠢᠯ ᠢ ᠵᠠᠷᠴᠢᠮ | ᠳᠡᠭᠡᠷ᠎ᠡ ᠪᠠᠨ ᠬᠢᠨᠠᠨ ᠵᠥᠪᠰᠢᠶᠡᠷᠡᠬᠦ ᠦᠭᠡᠶ᠂ ᠪᠡᠯᠡ ᠮᠥᠩᠭᠦ ᠲᠣᠬᠢᠷᠠᠭᠤᠯᠬᠤ ᠦᠭᠡᠶ᠂ ᠲᠥᠷᠥᠯ ᠵᠦᠢᠯ ᠢ ᠪᠦᠲᠦᠭᠡᠨ | ᠪᠠᠶᠢᠭᠤᠯᠬᠤ ᠨᠢᠬᠡᠴᠢ ᠵᠥᠪᠰᠢᠶᠡᠷᠡᠭᠦᠯᠦᠭᠡᠳᠦᠶ ᠪᠠᠷ ᠤᠷᠢᠳ ᠢᠶᠠᠷ ᠪᠠᠶᠢᠭᠤᠯᠵᠤ ᠪᠣᠯᠬᠤ ᠦᠭᠡᠶ᠃ ︵ᠬᠠᠷᠢᠭᠤᠴᠠᠯᠭᠠᠲᠦ | ᠨᠢᠬᠡᠴᠢ᠄ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠬᠡᠳ ᠳ᠋ᠠᠶᠢᠲ᠋ᠠ ᠶᠢᠨ ᠬᠠᠮᠢᠶᠠᠷᠤᠯᠳᠠ ᠶᠢᠨ | ᠲᠣᠪᠴᠢᠶ᠎ᠠ᠂ ᠡᠯ᠎ᠡ ᠬᠤᠯᠪᠤᠬᠳᠠᠯ ᠪᠦᠬᠦᠢ ᠨᠢᠭᠡᠴᠢ︶ | ᠶᠢᠰᠦᠳᠦᠭᠡᠷ ᠵᠦᠶᠯ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠥᠷᠥᠯ ᠵᠦᠶᠯ ᠢ | ᠭᠤᠶᠤᠴᠢᠯᠠᠨ ᠮᠡᠳᠡᠭᠦᠯᠬᠦ ᠳᠤ ᠳᠤᠤᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ᠄ | ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠪᠣᠯᠤᠨ ᠬᠥᠨᠳᠡᠯᠡᠨ ᠲᠣᠭᠤᠷᠢᠭ ᠤᠨ | ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠶᠡᠷᠦᠩᠬᠡᠶ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ | ᠬᠡᠷᠡᠭᠲᠡᠶ︔ | ︵ᠬᠤᠶᠠᠷ︶ ᠬᠡᠷᠡᠭᠴᠡᠭᠡ ᠨᠢ ᠲᠣᠳᠣᠷᠬᠠᠶ᠂ ᠮᠡᠷᠭᠡᠵᠢᠯ ᠨᠢ ᠲᠡᠷᠢᠭᠦᠨ ᠤ ᠬᠢ᠂ ᠦᠢᠯᠡᠳᠦᠯ ᠴᠢᠳᠠᠪᠬᠢ ᠨᠢ | ᠪᠣᠳᠠᠲᠤ ᠬᠡᠷᠡᠭᠴᠡᠭᠡ ᠲᠠᠢ ᠪᠠ ᠠᠮᠤᠷ ᠲᠦᠪᠰᠢᠨ ᠨᠠᠶᠢᠳᠠᠪᠤᠷᠢᠲᠠᠶ ᠪᠠᠶᠢᠬᠤ ᠬᠡᠷᠡᠭᠲᠡᠶ︔ | ︵ᠭᠤᠷᠪᠠ︶ ᠳ᠋ᠠᠶᠢᠲ᠋ᠠ ᠶᠢ ᠬᠠᠮᠲᠤᠪᠠᠷ ᠡᠳ᠋ᠯᠡᠬᠦ᠂ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠪᠠ | ᠡᠷᠴᠢᠮᠵᠢᠭᠦᠯᠦᠨ ᠪᠠᠶᠢᠭᠤᠯᠬᠤ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ | ᠠᠷᠪᠠᠳᠤᠭᠠᠷ ᠵᠦᠶᠯ ᠳᠤᠤᠷᠠᠬᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠥᠷᠥᠯ ᠵᠦᠶᠯ ᠢ | ᠵᠠᠷᠴᠢᠮ ᠳᠡᠭᠡᠷ᠎ᠡ ᠪᠠᠨ ᠮᠡᠳᠡᠭᠦᠯᠵᠦ ᠪᠣᠯᠬᠤ ᠥᠬᠡᠶ᠄ | ︵ᠨᠢᠭᠡ︶ ᠰᠢᠨ᠎ᠡ ᠪᠠᠷ ᠪᠠᠶᠢᠭᠤᠯᠤᠭᠰᠠᠨ ᠺᠤᠮᠫᠢᠦ᠋ᠲ᠋ᠧᠷ ᠮᠠᠰᠢᠨ ᠤ ᠬᠡᠷ᠂ ᠰᠦᠯᠵᠢᠶ᠎ᠡ᠂ ᠡᠭᠦᠯᠡᠨ ᠲᠠᠪᠴᠠᠩ | ᠵᠡᠷᠭᠡ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠰᠠᠭᠤᠷᠢ ᠲᠦᠬᠦᠭᠡᠷᠦᠮᠵᠢ ᠶᠢ ᠪᠠᠭᠳᠠᠭᠠᠬᠰᠠᠨ ᠲᠥᠷᠥᠯ | ᠵᠦᠶᠯ︔ | ︵ᠬᠤᠶᠠᠷ︶ ᠲᠣᠭᠤᠷᠢᠭ ᠤᠨ ᠲᠤᠰ ᠱᠠᠲᠤᠨ ᠤ ᠠᠵᠢᠯ ᠲᠥᠷᠥᠯ ︵ᠲᠤᠬᠠᠶᠢᠯᠠᠭᠰᠠᠨ ᠠᠵᠢᠯ︶ ᠤᠨ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠤᠨ ᠵᠥᠪᠰᠢᠶᠡᠷᠡᠯ ᠢ ᠣᠯᠤᠭᠠᠳᠤᠶ ᠲᠥᠷᠥᠯ ᠵᠦᠢᠯ︔ | ︵ᠭᠤᠷᠪᠠ︶ ᠵᠠᠰᠠᠭ ᠤᠨ ᠶᠠᠪᠤᠳᠠᠯ ᠤᠨ ᠡᠭᠦᠯᠡᠨ ᠲᠠᠪᠴᠠᠩ ᠪᠠᠶᠢᠭᠤᠯᠤᠬᠰᠠᠨ ᠦᠬᠡᠢ ᠪᠤᠶᠤ ᠡᠬᠦᠯᠡᠨ | ᠲᠠᠪᠴᠠᠩ ᠳᠤ ᠨᠡᠬᠦᠯᠬᠡᠨ ᠤᠷᠤᠭᠤᠯᠤᠬᠰᠠᠨ ᠦᠬᠡᠢ ᠰᠢᠨ᠎ᠡ ᠪᠠᠷ ᠪᠠᠶᠢᠭᠤᠯᠬᠤ ᠪᠤᠶᠤ ᠳᠡᠰ ᠳᠡᠪᠰᠢᠭᠦᠯᠦᠨ | ᠥᠭᠡᠷᠡᠴᠢᠯᠡᠬᠦ ᠲᠥᠷᠥᠯ ᠵᠦᠶᠯ︔ | ︵ᠳᠥᠷᠪᠡ︶ ᠬᠡᠷᠡᠭᠯᠡᠵᠦ ᠪᠠᠶᠢᠭ᠎ᠠ ᠰᠢᠰᠲ᠋ᠧᠮ ᠤᠨ ᠴᠢᠳᠠᠮᠵᠢ ᠨᠢ ᠪᠣᠳᠠᠲᠠᠶ ᠲᠤᠬᠠᠶᠢᠯᠠᠭᠰᠠᠨ ᠠᠵᠢᠯ ᠠᠴᠠ | ᠰᠠᠯᠤᠩᠭᠢᠷᠠᠭᠰᠠᠨ ᠪᠤᠶᠤ ᠦᠶᠯᠡᠴᠢᠯᠡᠭᠡ ᠪᠠᠨ ᠰᠢᠨᠡᠳᠬᠡᠬᠦ ᠪᠠᠨ ᠨᠢᠭᠡᠨᠲᠡ ᠵᠣᠭᠰᠣᠭᠠᠭᠰᠠᠨ ᠳᠡᠰ ᠳᠡᠪᠰᠢᠭᠦᠯᠦᠨ | ᠥᠭᠡᠷᠡᠴᠢᠯᠡᠬᠦ ᠲᠥᠷᠥᠯ ᠵᠦᠶᠯ︔ | ︵ᠲᠠᠪᠤ︶ ᠦᠢᠯᠡᠳᠦᠯ ᠴᠢᠳᠠᠮᠵᠢ ᠨᠢ ᠪᠤᠰᠤᠳ ᠨᠢᠭᠡ ᠪᠤᠶᠤ ᠣᠯᠠᠨ ᠨᠢᠭᠡᠨᠲᠡ ᠪᠠᠶᠢᠭ᠎ᠠ ᠲᠥᠷᠥᠯ ᠵᠦᠢᠯ ᠢᠶᠠᠷ | ᠣᠷᠣᠯᠠᠭᠳᠠᠵᠤ ᠪᠣᠯᠬᠤ ᠲᠥᠷᠥᠯ ᠵᠦᠢᠯ︔ | ︵ᠵᠢᠷᠭᠤᠭ᠎ᠠ︶ ᠬᠡᠷᠡᠭᠯᠡᠵᠦ ᠪᠠᠶᠢᠭ᠎ᠠ ᠰᠢᠰᠲ᠋ᠧᠮ ᠨᠢ ᠤᠷᠲᠤ ᠬᠤᠭᠤᠴᠠᠭ᠎ᠠ ᠪᠠᠷ ᠰᠤᠯᠠ ᠪᠠᠶᠢᠬᠤ ᠪᠥᠭᠡᠳ | ᠬᠡᠷᠡᠭᠯᠡᠵᠦ ᠪᠠᠶᠢᠭ᠎ᠠ ᠳᠠᠪᠲᠠᠮᠵᠢ ᠨᠢ ᠳᠣᠣᠷ᠎ᠠ ᠳᠡᠰ ᠳᠡᠪᠰᠢᠭᠦᠯᠦᠨ ᠥᠭᠡᠷᠡᠴᠢᠯᠡᠡ ᠪᠠᠶᠢᠭᠤᠯᠬᠤ ᠲᠥᠷᠥᠯ ᠵᠦᠢᠯ︔ | ︵ᠳᠣᠯᠤᠭ᠎ᠠ︶ ᠬᠡᠷᠡᠭᠴᠡᠭᠡ ᠨᠢ ᠲᠣᠳᠣᠷᠬᠠᠶ ᠥᠬᠡᠶ᠂ ᠠᠮᠵᠢᠯᠲᠠ ᠪᠦᠲᠦᠮᠵᠢ ᠶᠢᠨ ᠬᠠᠷᠠᠯᠲᠠ ᠨᠢ ᠲᠣᠳᠣᠷᠬᠠᠶ | ᠥᠬᠡᠶ᠂ ᠬᠠᠮᠳᠤ ᠪᠠᠷ ᠡᠳ᠋ᠯᠡᠬᠦ ᠶᠤᠰᠤᠳᠠᠢ ᠳ᠋ᠠᠶᠢᠲ᠋ᠠ ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠥᠬᠡᠶ ᠲᠥᠷᠥᠯ | ᠵᠦᠶᠯ᠃ | ᠠᠷᠪᠠᠨ ᠨᠢᠭᠡᠳᠦᠭᠡᠷ ᠵᠦᠶᠯ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ | ᠶᠠᠪᠤᠳᠠᠯ ᠤᠨ ᠦᠶᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠠᠴᠠ ᠠᠵᠢᠯ ᠲᠥᠷᠥᠯ ᠤᠨ | ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠬᠤ ᠪᠤᠶᠤ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠳᠤ ᠨᠠᠶᠢᠳᠠᠵᠤ | ᠨᠢᠭᠡᠨᠲᠡ ᠪᠥᠲᠥᠭᠡᠨ ᠪᠠᠶᠢᠭᠤᠯᠬᠤ ︵ᠬᠤᠳᠠᠯᠳᠤᠨ ᠠᠪᠬᠤ︶ ᠬᠡᠪᠴᠢᠶᠡᠨ ᠳᠤ ᠣᠷᠣᠭᠤᠯᠤᠭᠰᠠᠨ ᠵᠠᠰᠠᠭ ᠤᠨ | ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠥᠷᠥᠯ ᠵᠦᠶᠯ ᠢ ᠬᠢᠨᠠᠨ ᠵᠥᠪᠰᠢᠶᠡᠷᠡᠬᠦ ᠶᠢ ᠬᠠᠷᠢᠭᠤᠴᠠᠨ᠎ᠠ᠂ ᠵᠠᠷᠴᠢᠮ | ᠳᠡᠭᠡᠷ᠎ᠡ ᠪᠠᠨ ᠲᠥᠷᠥᠯ ᠵᠦᠶᠯ ᠤᠨ ᠰᠠᠨᠠᠭᠤᠯᠭ᠎ᠠ ᠶᠢᠨ ᠪᠢᠴᠢᠭ᠂ ᠪᠣᠯᠤᠮᠵᠢᠲᠤ ᠴᠢᠨᠡᠷ ᠤᠨ ᠰᠤᠳᠤᠯᠤᠯ ᠤᠨ | ᠮᠡᠳᠡᠭᠦᠯᠦᠯᠲᠡ᠂ ᠠᠩᠬ᠎ᠠ ᠠᠯᠬᠤᠮ ᠤᠨ ᠵᠢᠷᠤᠭ ᠲᠥᠯᠥᠪᠯᠡᠭᠡ ᠪᠠ ᠪᠠᠯᠠ ᠣᠷᠣᠭᠤᠯᠤᠯᠲᠠ ᠶᠢᠨ ᠲᠦᠢᠮᠣ ᠲᠥᠰᠦᠪ | ᠵᠡᠷᠭᠡ ᠭᠤᠬᠴᠤᠭ᠎ᠠ ᠶᠢ ᠪᠠᠭᠲᠠᠭᠠᠨ᠎ᠠ᠃ ᠲᠤᠰᠬᠠᠶ ᠮᠡᠷᠭᠡᠵᠢᠯᠲᠡᠨ ᠤ ᠬᠢᠨᠠᠨ ᠲᠣᠭᠲᠠᠭᠠᠬᠤ ᠵᠠᠷᠤᠳᠠᠯ ᠪᠤᠶᠤ ᠭᠤᠷᠪᠠᠳᠠᠬᠢ | ᠡᠲᠡᠭᠡᠳ ᠤᠨ ᠦᠶᠯᠡᠴᠢᠯᠡᠭᠡᠨ ᠤ ᠵᠠᠷᠤᠳᠠᠯ ᠢ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠠᠴᠠ ᠳᠡᠮᠵᠢᠨ᠎ᠡ᠃ | ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠲᠥᠷᠥᠯ ᠵᠦᠢᠯ ᠳᠤ ᠪᠣᠯ ᠮᠡᠳᠡᠭᠦᠯᠦᠨ ᠵᠥᠪᠰᠢᠶᠡᠷᠡᠭᠦᠯᠬᠦ | ᠴᠢᠬᠤᠯᠠ ᠲᠠᠢ ᠪᠢᠴᠢᠭ ᠮᠠᠲ᠋ᠧᠷᠢᠶᠠᠯ ᠪᠣᠯᠤᠨ ᠬᠢᠨᠠᠨ ᠵᠥᠪᠰᠢᠶᠡᠷᠡᠭᠦᠯᠬᠦ ᠳᠡᠰ ᠳᠠᠷᠠᠭᠠᠯᠠᠯ ᠢ ᠳᠥᠭᠦᠮᠴᠢᠯᠡᠵᠦ ᠪᠣᠯᠤᠨ᠎ᠠ᠂ | ᠤᠯᠤᠰ ᠠᠴᠠ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠤᠨ ᠲᠠᠯ᠎ᠠ ᠪᠠᠷ ᠲᠣᠳᠣᠷᠬᠠᠶ ᠱᠠᠭᠠᠷᠳᠠᠯᠭ᠎ᠠ ᠲᠠᠢ ᠲᠥᠷᠥᠯ | ᠵᠦᠢᠯ ᠳᠤ ᠪᠣᠯ ᠤᠯᠤᠰ ᠤᠨ ᠱᠠᠭᠠᠷᠳᠠᠯᠭ᠎ᠠ ᠶᠣᠰᠣᠭᠠᠷ ᠬᠡᠷᠡᠭᠵᠢᠭᠦᠯᠦᠨ᠎ᠡ᠃ ︵ᠬᠠᠷᠢᠭᠤᠴᠠᠯᠭᠠᠲᠦ ᠨᠢᠭᠡᠴᠢ᠄ | ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠬᠡᠳ ᠳ᠋ᠠᠶᠢᠲ᠋ᠠ ᠶᠢᠨ ᠬᠠᠮᠢᠶᠠᠷᠤᠯᠳᠠ ᠶᠢᠨ ᠲᠣᠪᠴᠢᠶ᠎ᠠ᠂ | ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠯᠪᠤᠬᠳᠠᠯ ᠪᠦᠬᠦᠢ ᠨᠢᠭᠡᠴᠢ︶ | ᠠᠷᠪᠠᠨ ᠬᠤᠶᠠᠳᠤᠭᠠᠷ ᠵᠦᠶᠯ ᠡᠯ᠎ᠡ ᠰᠠᠯᠠᠭ᠎ᠠ ᠮᠥᠴᠢᠷ ᠨᠢᠭᠡᠴᠢ ᠨᠢ ᠤᠯᠤᠰ᠂ ᠥᠪᠡᠷᠲᠡᠭᠡᠨ ᠵᠠᠰᠠᠬᠤ | ᠣᠷᠣᠨ ᠪᠠ ᠪᠤᠭᠤᠲᠤ ᠬᠤᠲᠠ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠤᠰᠬᠠᠶ ᠪᠠᠯᠠ ᠮᠥᠩᠭᠦ᠂ | ᠠᠵᠤ ᠠᠬᠤᠶᠢᠯᠠᠯ ᠠᠴᠠ ᠡᠯ᠎ᠡ ᠰᠠᠯᠠᠭ᠎ᠠ ᠮᠥᠴᠢᠷ ᠨᠢᠭᠡᠴᠢ ᠳᠤ ᠦᠨ᠎ᠡ ᠲᠥᠯᠥᠪᠦᠷᠢ ᠥᠬᠡᠶ ᠪᠠᠷ ᠬᠡᠷᠡᠭᠯᠡᠭᠦᠯᠬᠦ᠂ | ᠥᠪᠡᠰᠦᠪᠡᠨ ᠪᠠᠯᠠ ᠮᠥᠩᠭᠦ ᠴᠤᠭᠯᠠᠭᠤᠯᠬᠤ ᠵᠡᠷᠭᠡ ᠠᠷᠭ᠎ᠠ ᠵᠠᠮ ᠢᠶᠠᠷ ᠳᠠᠮᠵᠢᠨ ᠪᠥᠲᠥᠭᠡᠨ ᠪᠠᠶᠢᠭᠤᠯᠤᠭᠰᠠᠨ | ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠥᠷᠥᠯ ᠵᠦᠶᠯ ᠳᠤ ᠳᠠᠩᠰᠠᠯᠠᠭᠤᠯᠬᠤ ᠲᠦᠷᠢᠮ ᠤᠨ | ᠬᠠᠮᠢᠶᠠᠷᠤᠯᠲᠠ ᠶᠢ ᠬᠡᠷᠡᠭᠵᠢᠭᠦᠯᠦᠨ᠎ᠡ᠃ | ᠠᠷᠪᠠᠨ ᠭᠤᠷᠪᠠᠳᠤᠭᠠᠷ ᠵᠦᠶᠯ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠥᠷᠥᠯ ᠵᠦᠶᠯ ᠳᠤ | ᠵᠠᠷᠴᠢᠮ ᠳᠡᠭᠡᠷ᠎ᠡ ᠪᠠᠨ ᠡᠨᠧᠷᠭᠢ ᠠᠷᠪᠢᠯᠠᠬᠤ ᠶᠢ ᠦᠨᠡᠯᠡᠬᠦ᠂ ᠲᠥᠯᠥᠪᠵᠢᠭᠦᠯᠦᠨ ᠭᠠᠵᠠᠷ ᠰᠣᠩᠭᠤᠬᠤ᠂ ᠬᠡᠷᠡᠭᠯᠡᠬᠦ | ᠭᠠᠵᠠᠷ ᠰᠢᠷᠦᠢ ᠶᠢ ᠤᠷᠢᠳᠴᠢᠯᠠᠨ ᠬᠢᠨᠠᠬᠤ᠂ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠦᠨᠡᠯᠡᠬᠦ ᠵᠡᠷᠭᠡ | ᠬᠢᠨᠠᠨ ᠵᠥᠪᠰᠢᠶᠡᠷᠡᠬᠦ ᠶᠢ ᠳᠠᠭᠢᠵᠤ ᠦᠷᠨᠢᠬᠦᠯᠬᠦ ᠥᠬᠡᠶ᠂ ᠰᠢᠨ᠎ᠡ ᠪᠠᠷ ᠪᠠᠶᠢᠭᠤᠯᠬᠤ ᠰᠢᠷᠣᠶ ᠮᠣᠳᠣᠨ ᠤ ᠪᠠᠷᠢᠯᠭ᠎ᠠ᠂ | ᠡᠨᠧᠷᠭᠢ ᠶᠢᠨ ᠬᠤᠷᠣᠭᠳᠠᠭᠤᠯᠤᠯ ᠶᠡᠭᠡ ᠲᠥᠷᠥᠯ ᠵᠦᠶᠯ ᠳᠤ ᠬᠤᠯᠪᠣᠭᠳᠠᠪᠠᠯ ᠡᠭᠦᠨ ᠳᠤ ᠪᠠᠭᠲᠠᠬᠤ ᠥᠬᠡᠶ᠃ | ᠭᠤᠷᠪᠠᠳᠤᠭᠠᠷ ᠪᠦᠯᠦᠭ ᠪᠦᠲᠦᠭᠡᠨ ᠪᠠᠶᠢᠭᠤᠯᠤᠯᠲᠠ ᠪᠠ ᠪᠡᠯᠡ ᠮᠥᠩᠭᠦᠨ ᠤ ᠬᠠᠮᠢᠶᠠᠷᠤᠯᠲᠠ | ᠠᠷᠪᠠᠨ ᠳᠥᠷᠪᠡᠳᠦᠭᠡᠷ ᠵᠦᠶᠯ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ | ᠶᠠᠪᠤᠳᠠᠯ ᠤᠨ ᠦᠶᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢ ︽ᠡᠷᠴᠢᠮᠵᠢᠭᠦᠯᠦᠨ | ᠠᠷᠪᠢᠯᠠᠬᠤ᠂ ᠬᠠᠮᠲᠤ ᠪᠠᠷ ᠬᠡᠷᠡᠭᠯᠡᠵᠦ ᠬᠠᠮᠲᠤ ᠪᠠᠷ ᠡᠳ᠋ᠯᠡᠬᠦ︾ ᠵᠠᠷᠴᠢᠮ ᠶᠣᠰᠣᠭᠠᠷ᠂ ᠪᠥᠬᠦ ᠲᠣᠭᠤᠷᠢᠭ ᠤᠨ ᠣᠯᠠᠨ | ᠨᠡᠶᠢᠲᠡ ᠶᠢᠨ ᠲᠤᠭ᠎ᠠ ᠪᠠᠷᠢᠮᠲᠠ ᠶᠢᠨ ᠰᠠᠭᠤᠷᠢ ᠲᠦᠬᠦᠭᠡᠷᠦᠮᠵᠢ ᠶᠢᠨ ᠰᠢᠰᠲ᠋ᠧᠮ᠂ ᠳ᠋ᠠᠶᠢᠲ᠋ᠠ ᠶᠢᠨ ᠡᠬᠢ ᠪᠠᠶᠠᠯᠢᠭ ᠤᠨ | ᠰᠢᠰᠲ᠋ᠧᠮ ᠪᠠ ᠲᠠᠪᠴᠠᠩ ᠤᠨ ᠲᠤᠯᠭᠠᠭᠤᠷᠢᠯᠠᠬᠤ ᠰᠢᠰᠲ᠋ᠧᠮ ᠤᠨ ᠪᠠᠶᠢᠭᠤᠯᠤᠯᠲᠠ ᠶᠢ ᠨᠢᠭᠡᠳᠦᠯᠲᠡᠶ | ᠲᠦᠯᠦᠪᠵᠢᠬᠦᠯᠦᠨ ᠠᠬᠢᠭᠤᠯᠤᠨ᠎ᠠ᠃ ︵ᠬᠠᠷᠢᠭᠤᠴᠠᠯᠭᠠᠲᠦ ᠨᠢᠭᠡᠴᠢ᠄ ᠲᠣᠭᠤᠷᠢᠭ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡ ᠬᠢᠬᠡᠳ ᠳ᠋ᠠᠶᠢᠲ᠋ᠠ ᠶᠢᠨ ᠬᠠᠮᠢᠶᠠᠷᠤᠯᠳᠠ ᠶᠢᠨ ᠲᠣᠪᠴᠢᠶ᠎ᠠ᠂ ᠲᠤᠭᠤᠷᠢᠭ ᠤᠨ ᠡᠳ᠋ ᠤᠨ ᠵᠠᠰᠠᠭ ᠤᠨ | ᠲᠣᠪᠴᠢᠶ᠎ᠠ︶ | ᠠᠷᠪᠠᠨ ᠲᠠᠪᠤᠳᠤᠭᠠᠷ ᠵᠦᠢᠯ ᠲᠥᠷᠥᠯ ᠵᠦᠢᠯ ᠢ ᠪᠦᠲᠦᠭᠡᠨ ᠪᠠᠶᠢᠭᠤᠯᠬᠤ ᠨᠢᠭᠡᠴᠢ ᠨᠢ ᠨᠢᠭᠡᠨᠲᠡ ᠪᠠᠶᠢᠭ᠎ᠠ | ᠡᠯᠧᠺᠲᠷᠤᠨ ᠵᠠᠰᠠᠭ ᠤᠨ ᠶᠠᠪᠤᠳᠠᠯ ᠤᠨ ᠲᠣᠣᠷ ᠰᠦᠯᠵᠢᠶ᠎ᠡ ᠪᠠ ᠡᠭᠦᠯᠡᠨ ᠦᠢᠯᠡᠴᠢᠯᠡᠭᠡᠨ ᠤ ᠡᠬᠢ ᠪᠠᠶᠠᠯᠢᠭ ᠲᠤ | ᠭᠦᠢᠴᠡᠳ ᠲᠦᠰᠢᠭᠯᠡᠨ ᠡᠷᠴᠢᠮᠵᠢᠭᠦᠯᠦᠨ ᠪᠦᠲᠦᠭᠡᠨ ᠪᠠᠶᠢᠭᠤᠯᠵᠤ᠂ ᠪᠠᠶᠢᠷᠢᠯᠠᠭᠤᠯᠬᠤ ᠬᠡᠷᠡᠭᠲᠡᠶ᠃ ︵ | ᠬᠠᠷᠢᠭᠤᠴᠠᠯᠭᠠᠲᠤ ᠨᠢᠭᠡᠴᠢ᠄ ᠡᠯ᠎ᠡ ᠬᠤᠯᠪᠤᠬᠳᠠᠯ ᠪᠦᠬᠦᠢ ᠨᠢᠭᠡᠴᠢ︶ | ᠠᠷᠪᠠᠨ ᠵᠢᠷᠭᠤᠳᠤᠭᠠᠷ ᠵᠦᠶᠯ ᠲᠥᠷᠥᠯ ᠵᠦᠶᠯ ᠢ ᠪᠥᠲᠥᠭᠡᠨ ᠪᠠᠶᠢᠭᠤᠯᠬᠤ ᠨᠢᠭᠡᠴᠢ ᠠᠴᠠ ᠲᠥᠷᠥᠯ ᠵᠦᠶᠯ ᠢ | ᠬᠡᠷᠡᠭᠵᠢᠭᠦᠯᠬᠦ ᠪᠠᠶᠢᠭᠤᠯᠤᠮᠵᠢ ᠪᠠ ᠬᠠᠷᠢᠭᠤᠴᠠᠯᠭᠠᠲᠠᠨ ᠢ ᠲᠣᠭᠲᠠᠭᠠᠵᠤ᠂ ᠡᠯ᠎ᠡ ᠵᠦᠶᠯ ᠤᠨ ᠬᠠᠮᠢᠶᠠᠷᠤᠯᠲᠠ ᠶᠢᠨ | ᠲᠦᠷᠢᠮ ᠢ ᠪᠠᠶᠢᠭᠤᠯᠤᠨ ᠪᠦᠷᠢᠨᠰᠢᠭᠦᠯᠵᠦ᠂ ᠪᠥᠬᠦ ᠶᠠᠪᠤᠴᠠ ᠳᠤ ᠨᠢᠭᠡᠳᠦᠯᠲᠡᠶ ᠲᠦᠯᠦᠪᠵᠢᠬᠦᠯᠦᠨ ᠵᠣᠬᠢᠴᠠᠭᠤᠯᠬᠤ ᠶᠢ | ᠴᠢᠩᠭᠠᠳᠬᠠᠨ᠂ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠪᠠ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ | ᠴᠢᠩᠭᠠᠷᠠᠭᠤᠯᠬᠤ ᠶᠢᠨ ᠬᠠᠮᠲᠤ᠂ ᠵᠠᠰᠠᠭ ᠤᠨ ᠣᠷᠳᠣᠨ ᠠᠴᠠ ᠬᠤᠳᠠᠯᠳᠤᠨ ᠠᠪᠬᠤ᠂ ᠢᠨᠵᠧᠨᠧᠷᠢᠩ ᠢ ᠬᠢᠨᠠᠨ | ᠬᠠᠮᠢᠶᠠᠷᠬᠤ᠂ ᠲᠤᠭ᠎ᠠ ᠪᠠᠷᠢᠮᠲᠠ ᠶᠢᠨ ᠡᠳ᠋ ᠬᠥᠷᠥᠩᠭᠡ᠂ ᠭᠡᠷ᠎ᠡ ᠶᠢᠨ ᠬᠠᠮᠢᠶᠠᠷᠤᠯᠲᠠ ᠵᠡᠷᠭᠡ ᠲᠦᠷᠢᠮ ᠢ ᠴᠢᠩᠭ᠎ᠠ | ᠬᠡᠷᠡᠭᠵᠢᠭᠦᠯᠬᠦ ᠬᠡᠷᠡᠭᠲᠡᠶ᠃ ︵ᠬᠠᠷᠢᠭᠤᠴᠠᠯᠭᠠᠲᠤ ᠨᠢᠭᠡᠴᠢ ᠄ ᠡᠯ᠎ᠡ ᠬᠤᠯᠪᠤᠬᠳᠠᠯ ᠪᠦᠬᠦᠢ ᠨᠢᠭᠡᠴᠢ︶ | ᠠᠷᠪᠠᠨ ᠳᠣᠯᠣᠳᠤᠭᠠᠷ ᠵᠦᠢᠯ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠨᠢᠭᠡᠴᠢ ᠨᠢ ᠠᠮᠤᠷ | ᠲᠦᠪᠰᠢᠨ ᠤ ᠬᠠᠮᠢᠶᠠᠷᠤᠯᠲᠠ ᠶᠢᠨ ᠲᠦᠷᠢᠮ ᠲᠣᠭᠲᠠᠭᠠᠯ ᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠰᠦᠯᠵᠢᠶᠡᠨ ᠤ | ᠠᠮᠤᠷ ᠲᠦᠪᠰᠢᠨ ᠤ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠵᠤ᠂ ᠰᠦᠯᠵᠢᠶᠡᠨ ᠤ | ᠠᠮᠤᠷ ᠲᠦᠪᠰᠢᠨ ᠢ ᠳᠡᠰ ᠬᠤᠪᠢᠶᠠᠨ ᠬᠠᠮᠠᠭᠠᠯᠠᠬᠤ ᠲᠦᠷᠢᠮ ᠢ ᠨᠠᠶᠢᠳᠠᠪᠤᠷᠢᠵᠢᠭᠤᠯᠵᠤ᠂ ᠤᠯᠤᠰ ᠤᠨ | ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠤᠨ ᠬᠡᠷᠡᠭᠯᠡᠯᠲᠡ ᠶᠢ ᠳᠡᠯᠭᠡᠷᠡᠭᠦᠯᠬᠦ ᠬᠡᠷᠡᠭᠲᠡᠢ᠂ ᠢᠳᠡᠬᠡᠮᠵᠢ ᠲᠠᠢ | ᠰᠢᠨ᠎ᠠ ᠶᠢ ᠡᠭᠦᠳᠦᠭᠰᠡᠨ ᠵᠥᠭᠡᠯᠡᠨ ᠪᠠ ᠬᠠᠲᠠᠭᠤ ᠲᠤᠨᠤᠭ ᠢ ᠬᠡᠷᠡᠭᠯᠡᠵᠦ᠂ ᠰᠦᠯᠵᠢᠶᠡᠨ ᠤ ᠠᠮᠤᠷ ᠲᠦᠪᠰᠢᠨ ᠢ ᠬᠢᠨᠠᠨ | ᠬᠡᠮᠵᠢᠬᠦ ᠪᠠ ᠠᠶᠤᠯ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ | ᠲᠤᠭ᠎ᠠ ᠪᠠᠷᠢᠮᠲᠠ ᠶᠢᠨ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠠᠮᠤᠷ ᠲᠦᠪᠰᠢᠨ ᠪᠠ ᠬᠤᠪᠢ | ᠬᠥᠮᠦᠨ ᠤ ᠮᠡᠳᠡᠭᠡ ᠵᠠᠩᠭᠢ ᠶᠢᠨ ᠨᠢᠭᠤᠴᠡ ᠶᠢ ᠬᠠᠮᠠᠭᠠᠯᠠᠬᠤ ᠶᠢ ᠴᠢᠩᠭᠠᠳᠬᠠᠬᠤ ᠬᠡᠷᠡᠭᠲᠡᠢ᠃ ︵ᠬᠠᠷᠢᠭᠤᠴᠠᠯᠭᠠᠲᠤ | ᠨᠢᠭᠡᠴᠢ᠄ ᠡᠯ᠎ᠡ ᠬᠤᠯᠪᠤᠬᠳᠠᠯ ᠪᠦᠬᠦᠢ ᠨᠢᠭᠡᠴᠢ︶ | ᠠᠷᠪᠠᠨ ᠨᠠᠢᠮᠠᠳᠤᠭᠠᠷ ᠵᠦᠶᠯ ᠲᠥᠷᠥᠯ ᠵᠦᠶᠯ ᠢ ᠪᠥᠲᠥᠭᠡᠨ ᠪᠠᠶᠢᠭᠤᠯᠬᠤ ᠨᠢᠭᠡᠴᠢ ᠨᠢ ᠤᠯᠤᠰ ᠤᠨ ᠨᠢᠭᠤᠴᠠ | ᠲᠡᠮᠳᠡᠭ ᠤᠨ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠬᠠᠤᠯᠢ ᠲᠣᠭᠲᠠᠭᠠᠯ ᠪᠠ ᠪᠠᠷᠢᠮᠵᠢᠶ᠎ᠠ ᠵᠢᠷᠤᠮᠵᠢᠯ ᠤᠨ | ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠤᠨ ᠪᠠᠲᠤᠯᠠᠭ᠎ᠠ ᠶᠢᠨ | ᠰᠢᠰᠲ᠋ᠧᠮ ᠢ ᠵᠡᠷᠭᠡ ᠪᠠᠷ ᠲᠥᠯᠥᠪᠵᠢᠭᠦᠯᠵᠦ᠂ ᠵᠡᠷᠭᠡ ᠪᠠᠷ ᠪᠥᠲᠥᠭᠡᠨ ᠪᠠᠶᠢᠭᠤᠯᠵᠤ᠂ ᠵᠡᠷᠭᠡ ᠪᠠᠷ ᠠᠵᠢᠯᠯᠠᠭᠤᠯᠬᠤ ᠶᠢᠨ | ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠬᠦ ᠬᠡᠷᠡᠭᠲᠡᠶ᠃ ︵ᠬᠠᠷᠢᠭᠤᠴᠠᠯᠭᠠᠲᠤ ᠨᠢᠭᠡᠴᠢ᠄ ᠡᠯ᠎ᠡ | ᠬᠤᠯᠪᠤᠬᠳᠠᠯ ᠪᠦᠬᠦᠢ ᠨᠢᠭᠡᠴᠢ ︶ | ᠠᠷᠪᠠ ᠶᠢᠰᠦᠳᠦᠭᠡᠷ ᠵᠦᠶᠯ ᠶᠡᠷᠦᠩᠬᠡᠶ ᠪᠠᠯᠠ ᠣᠷᠣᠭᠤᠯᠤᠯᠲᠠ ᠨᠢ 200 ᠲᠦᠮᠡᠨ ᠲᠥᠭᠦᠷᠢᠭ ᠵᠢᠴᠢ | ᠲᠡᠭᠦᠨ ᠠᠴᠠ ᠳᠡᠭᠡᠭᠰᠢᠬᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠥᠷᠥᠯ ᠵᠦᠶᠯ ᠳᠤ ᠵᠠᠷᠴᠢᠮ | ᠳᠡᠭᠡᠷ᠎ᠡ ᠪᠠᠨ ᠬᠢᠨᠠᠨ ᠬᠠᠮᠢᠶᠠᠷᠬᠤ ᠲᠦᠷᠢᠮ ᠢ ᠬᠡᠷᠡᠭᠵᠢᠭᠦᠯᠵᠦ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ | ᠪᠥᠬᠦ ᠶᠠᠪᠤᠴᠠ ᠳᠤ ᠬᠢᠨᠠᠯᠲᠠ ᠲᠠᠯᠪᠢᠵᠤ ᠬᠠᠮᠢᠶᠠᠷᠤᠨ᠎ᠠ᠃ ︵ᠬᠠᠷᠢᠭᠤᠴᠠᠯᠭᠠᠲᠤ ᠨᠢᠬᠡᠴᠢ᠄ ᠡᠯ᠎ᠡ ᠬᠤᠯᠪᠤᠬᠳᠠᠯ | ᠪᠦᠬᠦᠢ ᠨᠢᠭᠡᠴᠢ︶ | ᠬᠤᠷᠢᠳᠤᠭᠠᠷ ᠵᠦᠢᠯ ᠲᠥᠷᠥᠯ ᠵᠦᠢᠯ ᠤᠨ ᠪᠦᠲᠦᠭᠡᠨ ᠪᠠᠶᠢᠭᠤᠯᠬᠤ ᠨᠢᠭᠡᠴᠢ ᠡᠷᠬᠡᠪᠰᠢ ᠴᠣᠬᠤᠯᠠᠪᠤᠷᠢᠯᠠᠭᠰᠠᠨ | ᠪᠣᠯᠤᠮᠵᠢᠲᠤ ᠴᠢᠨᠡᠷ ᠤᠨ ᠰᠤᠳᠤᠯᠤᠯ ᠤᠨ ᠮᠡᠳᠡᠭᠦᠯᠦᠯᠲᠡ᠂ ᠠᠩᠬ᠎ᠠ ᠠᠯᠬᠤᠮ ᠤᠨ ᠵᠢᠷᠤᠭ ᠲᠥᠯᠥᠪᠯᠡᠭᠡ ᠪᠠ ᠪᠡᠯᠡ | ᠣᠷᠣᠭᠤᠯᠤᠯᠲᠠ ᠶᠢᠨ ᠲᠦᠢᠮᠣ ᠲᠥᠰᠦᠪ ᠢ ᠴᠢᠩᠭ᠎ᠠ ᠵᠢᠷᠤᠮᠯᠠᠨ ᠲᠥᠷᠥᠯ ᠵᠦᠢᠯ ᠢ ᠬᠡᠷᠡᠭᠵᠢᠬᠦᠯᠬᠦ ᠬᠡᠷᠡᠭᠲᠡᠶ᠃ | ᠲᠥᠷᠥᠯ ᠵᠦᠢᠯ ᠤᠨ ᠬᠠᠷᠠᠯᠲᠠ ᠪᠣᠯᠤᠨ ᠠᠭᠤᠯᠭ᠎ᠠ ᠨᠢ ᠬᠤᠪᠢᠷᠠᠬᠤ ᠦᠭᠡᠶ᠂ ᠶᠡᠷᠦᠩᠬᠡᠶ ᠪᠡᠯᠡ ᠣᠷᠣᠭᠤᠯᠤᠯᠲᠠ ᠨᠢ | ᠦᠯᠡᠳᠡᠪᠦᠷᠢ ᠲᠠᠢ ᠪᠣᠯ ᠬᠠᠮᠢᠶ᠎ᠠ ᠪᠦᠬᠦᠢ ᠲᠣᠭᠲᠠᠭᠠᠯ ᠶᠣᠰᠣᠭᠠᠷ ᠦᠯᠡᠳᠡᠪᠦᠷᠢ ᠪᠡᠯᠡ ᠮᠥᠩᠭᠦ ᠶᠢ ᠨᠢ ᠪᠤᠴᠠᠭᠠᠬᠤ | ᠬᠡᠷᠡᠭᠲᠡᠶ᠃ ᠲᠥᠷᠥᠯ ᠵᠦᠢᠯ ᠤᠨ ᠪᠡᠯᠡ ᠮᠥᠩᠭᠦ ᠶᠢᠨ ᠵᠠᠷᠤᠯᠭ᠎ᠠ ᠶᠢ ᠤᠯᠤᠰ ᠤᠨ ᠬᠥᠮᠥᠷᠭᠡ ᠶᠢᠨ ᠲᠥᠪᠯᠡᠷᠡᠭᠦᠯᠦᠨ | ᠥᠭᠬᠦ ᠬᠤᠯᠪᠣᠭᠳᠠᠯ ᠪᠦᠬᠦᠢ ᠳᠦᠷᠢᠮ ᠤᠨ ᠶᠣᠰᠣᠭᠠᠷ ᠬᠡᠷᠡᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠡᠯ᠎ᠡ | ᠬᠤᠯᠪᠤᠬᠳᠠᠯ ᠪᠥᠬᠦᠶ ᠨᠢᠭᠡᠴᠢ︶ | ᠬᠤᠷᠢᠨ ᠨᠢᠭᠡᠳᠦᠭᠡᠷ ᠵᠦᠶᠯ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠥᠷᠥᠯ ᠵᠦᠶᠯ ᠤᠨ ᠪᠠᠯᠠ | ᠣᠷᠣᠭᠤᠯᠤᠯᠲᠠ ᠶᠢᠨ ᠬᠡᠪᠴᠢᠶ᠎ᠡ ᠨᠢ ᠲᠦᠢᠮᠣ ᠲᠥᠰᠦᠪ ᠢ ᠵᠦᠪᠰᠢᠶᠡᠷᠡᠭᠰᠡᠨ ᠬᠡᠮᠵᠢᠶ᠎ᠡ ᠠᠴᠠ ᠬᠡᠲᠦᠷᠡᠭᠰᠡᠨ ᠥᠬᠡᠶ᠂ | ᠪᠥᠲᠥᠭᠡᠨ ᠪᠠᠶᠢᠭᠤᠯᠬᠤ ᠬᠠᠷᠠᠯᠲᠠ ᠨᠢ ᠬᠤᠪᠢᠷᠬᠠᠰᠠᠨ ᠥᠬᠡᠶ᠂ ᠲᠥᠷᠥᠯ ᠵᠦᠶᠯ ᠤᠨ ᠭᠤᠤᠯ ᠪᠣᠯᠬᠤ ᠪᠥᠲᠥᠭᠡᠨ | ᠪᠠᠶᠢᠭᠤᠯᠤᠯᠲᠠ ᠶᠢᠨ ᠠᠭᠤᠯᠭ᠎ᠠ ᠳᠤ ᠦᠨᠡᠨᠬᠦ ᠲᠣᠬᠢᠷᠠᠭᠤᠯᠤᠯᠲᠠ ᠬᠢᠬᠦ ᠴᠢᠬᠤᠯᠠᠲᠠᠶ ᠮᠥᠷᠲᠡᠭᠡᠨ ᠪᠠᠯᠠ ᠮᠥᠩᠭᠦ | ᠳᠣᠭᠢᠷᠠᠭᠤᠯᠬᠤ ᠲᠤᠭ᠎ᠠ ᠬᠡᠮᠵᠢᠶ᠎ᠡ ᠨᠢ ᠲᠦᠢᠮᠣ ᠲᠥᠰᠦᠪ ᠤᠨ ᠶᠡᠷᠦᠩᠬᠡᠶ ᠪᠠᠯᠠ ᠣᠷᠣᠭᠤᠯᠤᠯᠲᠠ ᠶᠢᠨ 15% ᠠᠴᠠ | ᠬᠡᠲᠦᠷᠡᠭᠰᠡᠨ ᠥᠬᠡᠶ ᠪᠥᠭᠡᠳ ᠳᠤᠤᠷᠠᠬᠢ ᠪᠠᠶᠢᠳᠠᠯ ᠤᠨ ᠨᠢᠭᠡ ᠳᠤᠨᠢ ᠨᠡᠶᠢᠴᠡᠭᠰᠡᠨ ᠪᠠᠶᠢᠪᠠᠯ᠂ ᠲᠥᠷᠥᠯ ᠵᠦᠶᠯ ᠤᠨ | ᠪᠥᠲᠥᠭᠡᠨ ᠪᠠᠶᠢᠭᠤᠯᠬᠤ ᠨᠢᠭᠡᠴᠢ ᠠᠴᠠ ᠲᠣᠬᠢᠷᠠᠭᠤᠯᠤᠯᠲᠠ ᠬᠢᠬᠦ ᠶᠢᠨ ᠬᠠᠮᠲᠤ᠂ ᠲᠤᠭᠤᠷᠢᠭ ᠤᠨ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠶᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ | ᠲᠣᠪᠴᠢᠶ᠎ᠠ ᠳᠤ ᠪᠦᠷᠢᠳᠬᠡᠨ ᠳᠠᠩᠰᠠᠯᠠᠭᠤᠯᠵᠤ ᠪᠣᠯᠤᠨ᠎ᠠ᠄ | ︵ᠨᠢᠭᠡ︶ ᠤᠯᠤᠰ ᠤᠨ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠪᠣᠯᠤᠨ | ᠬᠥᠨᠳᠡᠯᠡᠨ ᠲᠣᠭᠤᠷᠢᠭ ᠤᠨ ᠱᠠᠭᠠᠷᠳᠠᠯᠭ᠎ᠠ ᠶᠢ ᠦᠨᠳᠦᠰᠦᠯᠡᠬᠦ ᠪᠤᠶᠤ ᠳᠡᠭᠡᠳᠦ ᠱᠠᠲᠤᠨ ᠤ ᠭᠤᠣᠯᠯᠠᠨ ᠬᠠᠮᠢᠶᠠᠷᠬᠤ | ᠰᠠᠯᠠᠭ᠎ᠠ ᠮᠥᠴᠢᠷ ᠠᠴᠠ ᠲᠣᠳᠣᠷᠬᠠᠶ ᠲᠣᠭᠲᠠᠭᠠᠯ ᠲᠠᠢ ᠪᠠᠶᠢᠵᠤ᠂ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠶᠢ | ᠦᠨᠡᠨᠬᠦ ᠬᠤᠪᠢᠷᠠᠭᠤᠯᠬᠤ ᠴᠢᠬᠤᠯᠠ ᠲᠠᠢ ᠪᠣᠯᠤᠭᠰᠠᠨ︔ | ︵ᠬᠤᠶᠠᠷ︶ ᠤᠤᠯ ᠤᠨ ᠲᠥᠷᠥᠯ ᠵᠦᠶᠯ ᠤᠨ ᠮᠡᠷᠭᠡᠵᠢᠯ ᠤᠨ ᠲᠥᠰᠦᠯ ᠢ ᠦᠨᠡᠨᠬᠦ ᠲᠡᠭᠦᠯᠳᠡᠷᠵᠢᠭᠦᠯᠦᠨ | ᠰᠢᠯᠢᠳᠡᠭᠵᠢᠭᠦᠯᠬᠦ ᠴᠢᠬᠤᠯᠠᠲᠠᠶ ᠪᠠᠶᠢᠬᠤ︔ | ︵ᠭᠤᠷᠪᠠ︶ ᠪᠦᠳᠦᠬᠡᠨ ᠪᠠᠶᠢᠭᠤᠯᠬᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠥᠷᠥᠯ | ᠵᠦᠶᠯ ᠤᠨ ᠲᠤᠬᠠᠶᠢᠯᠠᠭᠰᠠᠨ ᠠᠵᠢᠯ ᠤᠨ ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ᠂ ᠲᠥᠷᠥᠯ ᠵᠦᠶᠯ ᠤᠨ | ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠪᠣᠷᠣ ᠲᠥᠯᠥᠪ ᠤᠨ ᠳᠤᠤᠷ᠎ᠠ ᠬᠠᠮᠢᠶ᠎ᠠ ᠪᠥᠬᠦᠶ ᠪᠥᠲᠥᠭᠡᠨ | ᠪᠠᠶᠢᠭᠤᠯᠤᠯᠲᠠ ᠶᠢᠨ ᠠᠭᠤᠯᠭ᠎ᠠ ᠪᠠ ᠠᠬᠢᠴᠠ ᠳᠤ ᠵᠣᠬᠢᠰᠲᠠᠶ ᠲᠣᠬᠢᠷᠠᠭᠤᠯᠤᠯᠲᠠ ᠬᠢᠭᠰᠡᠨ᠃ | ᠪᠦᠲᠦᠭᠡᠨ ᠪᠠᠶᠢᠭᠤᠯᠬᠤ ᠠᠭᠤᠯᠭ᠎ᠠ ᠳᠤ ᠲᠣᠬᠢᠷᠠᠭᠤᠯᠤᠯᠲᠠ ᠬᠢᠬᠦ ᠭᠡᠳᠡᠭ ᠨᠢ ᠴᠣᠬᠤᠯᠠᠪᠤᠷᠢᠯᠠᠨ ᠵᠦᠪᠰᠢᠶᠡᠷᠡᠭᠰᠡᠨ | ᠬᠠᠲᠠᠭᠤ ᠪᠠ ᠵᠥᠭᠡᠯᠡᠨ ᠲᠤᠨᠤᠭ ᠤᠨ ᠨᠠᠷᠢᠨ ᠲᠠᠩᠰᠠ ᠶᠢᠨ ᠬᠡᠪᠴᠢᠶ᠎ᠡ ᠲᠤᠳᠤᠷ᠎ᠠ ᠲᠤᠭ᠎ᠠ ᠬᠡᠮᠵᠢᠶ᠎ᠡ᠂ ᠪᠣᠯᠵᠣᠯᠲᠤ | ᠲᠤᠭ᠎ᠠ ᠳᠤ ᠲᠣᠬᠢᠷᠠᠭᠤᠯᠤᠯᠲᠠ ᠬᠢᠬᠦ ᠵᠢᠴᠢ ᠰᠢᠨ᠎ᠡ ᠪᠠᠷ ᠨᠡᠮᠡᠭᠰᠡᠨ ᠪᠦᠲᠦᠭᠡᠨ ᠪᠠᠶᠢᠭᠤᠯᠬᠤ ᠠᠭᠤᠯᠭ᠎ᠠ ᠶᠢ ᠵᠢᠭᠠᠵᠤ | ᠪᠤᠶ᠃ ᠪᠡᠯᠡ ᠮᠥᠩᠭᠦ ᠳᠤ ᠲᠣᠬᠢᠷᠠᠭᠤᠯᠤᠯᠲᠠ ᠬᠢᠬᠦ ᠭᠡᠳᠡᠭ ᠨᠢ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠶᠢᠨ ᠪᠡᠯᠡ | ᠣᠷᠣᠭᠤᠯᠤᠯᠲᠠ ᠳᠤ ᠲᠣᠬᠢᠷᠠᠭᠤᠯᠤᠯᠲᠠ ᠬᠢᠬᠦ ᠥᠷᠲᠡᠭ ᠢ ᠨᠡᠮᠡᠭᠳᠡᠭᠦᠯᠬᠦ ᠪᠤᠶᠤ ᠪᠠᠭᠠᠰᠬᠠᠬᠤ ᠳᠤ ᠨᠡᠯᠢᠶᠡᠳ | ᠶᠡᠭᠡ ᠶᠢ ᠨᠢ ᠤᠤᠯ ᠤᠨ ᠴᠣᠬᠤᠯᠪᠣᠷᠢᠯᠠᠨ ᠵᠦᠪᠰᠢᠶᠡᠷᠡᠭᠰᠡᠨ ᠶᠡᠷᠦᠩᠬᠡᠶ ᠪᠡᠯᠡ ᠣᠷᠣᠭᠤᠯᠤᠯᠲᠠ ᠯᠤᠭ᠎ᠠ ᠶᠢᠨ ᠬᠠᠷᠢᠴᠠᠯ | ᠬᠡᠮᠵᠢᠭᠳᠡᠯ ᠢ 15% ᠠᠴᠠ ᠬᠡᠲᠦᠷᠡᠭᠦᠯᠬᠦ ᠦᠭᠡᠶ᠂ ᠰᠢᠨ᠎ᠡ ᠪᠠᠷ ᠨᠡᠮᠡᠭᠳᠡᠭᠰᠡᠨ ᠪᠦᠲᠦᠭᠡᠨ ᠪᠠᠶᠢᠭᠤᠯᠤᠯᠲᠠ ᠶᠢᠨ | ᠠᠭᠤᠯᠭ᠎ᠠ ᠶᠢᠨ ᠪᠡᠯᠡ ᠣᠷᠣᠭᠤᠯᠤᠯᠲᠠ ᠶᠢ ᠶᠡᠷᠦᠩᠬᠡᠶ ᠪᠡᠯᠡ ᠣᠷᠣᠭᠤᠯᠤᠯᠲᠠ ᠶᠢᠨ 5% ᠠᠴᠠ ᠬᠡᠲᠦᠷᠡᠭᠦᠯᠬᠦ ᠦᠭᠡᠶ | ᠮᠥᠷᠲᠡᠭᠡᠨ 200 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠶ ᠪᠠᠶᠢᠬᠤ ᠶᠢ ᠵᠢᠭᠠᠵᠤ ᠪᠤᠶ᠃ ᠳᠠᠭᠠᠭᠠᠴᠢᠯᠠᠯᠲᠠ | ᠵᠠᠷᠯᠠᠵᠤ ᠬᠤᠳᠠᠯᠳᠤᠨ ᠠᠪᠤᠭᠠᠳ ᠪᠤᠶ ᠪᠣᠯᠤᠭᠰᠠᠨ ᠪᠡᠯᠡ ᠮᠥᠩᠭᠦ ᠶᠢᠨ ᠦᠯᠡᠳᠡᠪᠦᠷᠢ ᠶᠢ ᠳᠡᠭᠡᠷ᠎ᠡ ᠳᠤᠷᠠᠳᠤᠭᠰᠠᠨ | ᠲᠣᠬᠢᠷᠠᠭᠤᠯᠬᠤ ᠬᠡᠪᠴᠢᠶᠡᠨ ᠳᠤ ᠪᠣᠳᠣᠵᠤ ᠣᠷᠣᠭᠤᠯᠬᠤ ᠦᠭᠡᠶ᠃ | ᠳᠡᠭᠡᠷ᠎ᠡ ᠳᠤᠷᠠᠳᠤᠭᠰᠠᠨ ᠪᠠᠶᠢᠳᠠᠯ ᠳᠤ ᠨᠡᠶᠢᠴᠡᠬᠦ ᠦᠭᠡᠢ ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠬᠠᠷᠠᠭᠠᠯᠵᠠᠬᠰᠠᠨ ᠭᠠᠷᠳᠠᠮ ᠢ ᠭᠦᠢᠴᠡᠳᠬᠡᠬᠦ ᠬᠡᠷᠡᠭᠲᠡᠢ᠃ | ᠬᠤᠷᠢᠨ ᠬᠤᠶᠠᠳᠤᠭᠠᠷ ᠵᠦᠶᠯ ᠲᠥᠷᠥᠯ ᠵᠦᠶᠯ ᠤᠨ ᠪᠠᠷᠢᠯᠭ᠎ᠠ ᠳᠠᠭᠤᠰᠴᠤ ᠰᠢᠯᠭᠠᠨ ᠠᠪᠬᠤ ᠠᠴᠠ ᠡᠮᠦᠨ᠎ᠡ᠂ | ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠶᠯᠡᠴᠢᠯᠡᠭᠡ ᠬᠢᠭᠡᠳ | ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢ ᠪᠠᠷᠢᠯᠭ᠎ᠠ ᠳᠠᠭᠤᠰᠴᠤ ᠰᠢᠯᠭᠠᠨ ᠠᠪᠬᠤ ᠶᠢᠨ ᠤᠷᠢᠳᠴᠢᠯᠠᠬᠰᠠᠨ | ᠬᠢᠨᠠᠨ ᠬᠠᠷᠭᠤᠭᠤᠯᠬᠤ ᠶᠢ ᠬᠦᠢᠴᠡᠳᠬᠡᠵᠤ᠂ ᠤᠷᠢᠳᠴᠢᠯᠠᠬᠰᠠᠨ ᠬᠢᠨᠠᠨ ᠬᠠᠷᠭᠤᠭᠤᠯᠤᠯᠲᠠ ᠳᠤ ᠬᠢᠷᠢ ᠲᠡᠩᠴᠡᠭᠰᠡᠨ | ᠥᠬᠡᠶ ᠪᠠᠶᠢᠪᠠᠯ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ | ᠨᠢᠭᠡᠴᠢ ᠨᠢ ᠪᠠᠷᠢᠯᠭ᠎ᠠ ᠳᠠᠭᠤᠰᠴᠤ ᠰᠢᠯᠭᠠᠨ ᠠᠪᠬᠤ ᠶᠢ ᠵᠣᠬᠢᠶᠠᠨ ᠪᠠᠶᠢᠭᠤᠯᠵᠤ ᠪᠣᠯᠬᠤ ᠥᠬᠡᠶ᠃ ︵ | ᠬᠠᠷᠢᠭᠤᠴᠠᠯᠭᠠᠲᠦ ᠨᠢᠭᠡᠴᠢ᠄ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠬᠡᠳ ᠳ᠋ᠠᠶᠢᠲ᠋ᠠ ᠶᠢᠨ | ᠬᠠᠮᠢᠶᠠᠷᠤᠯᠳᠠ ᠶᠢᠨ ᠲᠣᠪᠴᠢᠶ᠎ᠠ᠂ ᠡᠯ᠎ᠡ ᠬᠤᠯᠪᠤᠬᠳᠠᠯ ᠪᠦᠬᠦᠢ ᠨᠢᠭᠡᠴᠢ︶ | ᠬᠤᠷᠢᠨ ᠭᠤᠷᠪᠠᠳᠤᠭᠠᠷ ᠵᠦᠢᠯ ᠲᠥᠷᠥᠯ ᠵᠦᠢᠯ ᠢ ᠪᠦᠲᠦᠭᠡᠨ ᠪᠠᠶᠢᠭᠤᠯᠬᠤ ᠨᠢᠭᠡᠴᠢ ᠨᠢ ᠲᠥᠷᠥᠯ ᠵᠦᠢᠯ ᠢ | ᠰᠢᠯᠭᠠᠨ ᠠᠪᠬᠤ ᠳᠤ ᠬᠢᠷᠢ ᠲᠡᠩᠴᠡᠭᠰᠡᠨ ᠤ ᠬᠠᠮᠲᠤ ᠠᠰᠢᠭᠯᠠᠯᠲᠠ ᠳᠤ ᠣᠷᠣᠭᠤᠯᠤᠭᠰᠠᠨ ᠤ ᠳᠠᠷᠠᠭᠠᠬᠢ ᠨᠢᠭᠡ ᠠᠴᠠ | ᠬᠤᠶᠠᠷ ᠵᠢᠯ ᠤᠨ ᠳᠣᠲᠣᠷ᠎ᠠ ᠥᠪᠡᠷ ᠢᠶᠠᠨ ᠦᠨᠡᠯᠡᠯᠲᠡ ᠬᠢᠬᠦ ᠶᠢᠨ ᠬᠠᠮᠲᠤ᠂ ᠲᠣᠭᠤᠷᠢᠭ ᠤᠨ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ | ᠲᠣᠪᠴᠢᠶ᠎ᠠ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ | ᠮᠡᠳᠡᠭᠦᠯᠦᠨ ᠬᠦᠷᠭᠡᠬᠦ ᠬᠡᠷᠡᠭᠲᠡᠶ᠃ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠥᠪᠡᠰᠦᠪᠡᠨ ᠦᠨᠡᠯᠡᠭᠰᠡᠨ | ᠪᠠᠶᠢᠳᠠᠯ ᠲᠠᠢ ᠤᠶᠠᠯᠳᠤᠭᠤᠯᠤᠨ᠂ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠳᠤ ᠨᠠᠶᠢᠳᠠᠵᠤ ᠲᠥᠷᠥᠯ ᠵᠦᠶᠯ ᠳᠤ | ᠠᠵᠢᠯᠯᠠᠭᠠᠨ ᠤ ᠳᠠᠷᠠᠭᠠᠬᠢ ᠦᠨᠡᠯᠡᠯᠲᠡ ᠶᠢᠨ ᠠᠵᠢᠯ ᠢ ᠥᠷᠨᠢᠭᠦᠯᠵᠦ ᠪᠣᠯᠤᠨ᠎ᠠ᠃ ︵ᠬᠠᠷᠢᠭᠤᠴᠠᠯᠭᠠᠲᠦ ᠨᠢᠭᠡᠴᠢ᠄ | ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠬᠡᠳ ᠳ᠋ᠠᠶᠢᠲ᠋ᠠ ᠶᠢᠨ ᠬᠠᠮᠢᠶᠠᠷᠤᠯᠳᠠ ᠶᠢᠨ ᠲᠣᠪᠴᠢᠶ᠎ᠠ᠂ | ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠂ ᠡᠯ᠎ᠡ ᠬᠤᠯᠪᠤᠬᠳᠠᠯ ᠪᠦᠬᠦᠢ ᠨᠢᠭᠡᠴᠢ︶ | ᠳᠥᠷᠪᠡᠳᠦᠭᠡᠷ ᠪᠦᠯᠦᠭ ᠬᠢᠨᠠᠯᠲᠠ ᠲᠠᠯᠪᠢᠵᠤ ᠬᠠᠮᠢᠶᠠᠷᠬᠤ | ᠬᠤᠷᠢᠨ ᠳᠥᠷᠪᠡᠳᠦᠭᠡᠷ ᠵᠦᠢᠯ ᠲᠥᠷᠥᠯ ᠵᠦᠢᠯ ᠢ ᠪᠥᠳᠥᠭᠡᠨ ᠪᠠᠶᠢᠭᠤᠯᠬᠤ ᠨᠢᠭᠡᠴᠢ ᠨᠢ ᠬᠤᠯᠪᠣᠭᠳᠠᠯ ᠪᠥᠬᠦᠢ | ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢ ᠬᠦᠯᠢᠶᠡᠵᠦ᠂ ᠬᠢᠷᠢ ᠪᠦᠲᠦᠮᠵᠢ ᠳᠤ ᠦᠨᠡᠯᠡᠯᠲᠡ ᠬᠢᠬᠦ᠂ | ᠮᠥᠷᠳᠡᠨ ᠬᠢᠨᠠᠯᠲᠠ ᠲᠠᠯᠪᠢᠬᠤ᠂ ᠬᠢᠨᠠᠨ ᠪᠤᠳᠤᠬᠤ ᠵᠡᠷᠭᠡ ᠠᠵᠢᠯ ᠢ ᠬᠠᠮᠵᠢᠯᠴᠠᠨ ᠰᠠᠶᠢᠲᠤᠷ ᠬᠢᠵᠦ᠂ ᠪᠥᠳᠥᠭᠡᠨ | ᠪᠠᠶᠢᠭᠤᠯᠬᠤ ᠲᠥᠷᠥᠯ ᠵᠦᠢᠯ ᠤᠨ ᠬᠤᠯᠪᠣᠭᠳᠠᠯ ᠪᠥᠬᠦᠢ ᠮᠠᠲ᠋ᠧᠷᠢᠶᠠᠯ ᠪᠣᠯᠤᠨ ᠪᠠᠶᠢᠳᠠᠯ ᠢ ᠦᠨᠡᠨ ᠪᠤᠳᠠᠳᠠᠢ ᠪᠠᠷ | ᠬᠠᠩᠭᠠᠬᠤ ᠬᠡᠷᠡᠭᠲᠡᠢ᠂ ᠲᠡᠪᠴᠢᠵᠦ᠂ ᠨᠢᠭᠤᠨ ᠳᠠᠯᠳᠠᠯᠠᠵᠤ᠂ ᠲᠡᠯᠳᠠᠯᠠᠵᠤ ᠮᠡᠳᠡᠭᠦᠯᠬᠦ ᠦᠬᠡᠢ ᠪᠠᠶᠢᠵᠤ ᠪᠣᠯᠬᠤ ᠥᠭᠡᠢ᠃ | | ᠬᠤᠷᠢᠨ ᠲᠠᠪᠤᠳᠤᠭᠠᠷ ᠵᠦᠶᠯ ᠢᠨᠲ᠋ᠧᠷ ᠰᠦᠯᠵᠢᠶᠠᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ | ᠵᠦᠪᠯᠡᠯ᠂ ᠨᠢᠭᠤᠴᠠ ᠶᠢ ᠬᠠᠮᠠᠭᠠᠯᠠᠬᠤ᠂ ᠡᠳ᠋ ᠤᠨ ᠵᠠᠰᠠᠭ᠂ ᠲᠠᠩᠰᠠ ᠡᠪᠬᠡᠮᠡᠯ᠂ ᠨᠢᠭᠤᠴᠠ ᠲᠡᠮᠳᠡᠭ ᠤᠨ | ᠬᠠᠮᠢᠶᠠᠷᠤᠯᠲᠠ᠂ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠳ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ | ᠲᠥᠷᠥᠯ ᠵᠦᠶᠯ ᠤᠨ ᠠᠮᠤᠷ ᠲᠦᠪᠰᠢᠨ ᠪᠠ ᠨᠢᠭᠤᠴᠠ ᠶᠢ ᠬᠠᠮᠠᠭᠠᠯᠠᠬᠤ᠂ ᠪᠠᠯᠠ ᠮᠥᠩᠭᠦ ᠶᠢᠨ ᠬᠡᠷᠡᠭᠯᠡᠯᠲᠡ᠂ ᠲᠠᠩᠰᠠ | ᠡᠪᠬᠡᠮᠡᠯ ᠤᠨ ᠬᠠᠮᠢᠶᠠᠷᠤᠯᠲᠠ᠂ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠤᠨ ᠬᠡᠷᠡᠭᠯᠡᠯᠲᠡ᠂ ᠳ᠋ᠠᠶᠢᠲ᠋ᠠ ᠶᠢ | ᠬᠠᠮᠲᠤᠪᠠᠷ ᠡᠳ᠋ᠯᠠᠬᠦ ᠵᠡᠷᠭᠡ ᠪᠠᠶᠢᠳᠠᠯ ᠳᠤ ᠬᠢᠨᠠᠯᠲᠠ ᠲᠠᠯᠪᠢᠵᠤ ᠬᠠᠮᠢᠶᠠᠷᠬᠤ ᠬᠡᠷᠡᠭᠳᠡᠢ᠃ ᠤᠯᠤᠰ᠂ ᠥᠪᠡᠷᠲᠡᠭᠡᠨ | ᠵᠠᠰᠠᠬᠤ ᠣᠷᠣᠨ᠂ ᠪᠤᠭᠤᠲᠤ ᠬᠤᠲᠠ ᠪᠣᠯᠤᠨ ᠬᠥᠨᠳᠡᠯᠡᠨ ᠲᠣᠭᠤᠷᠢᠭ ᠤᠨ ᠬᠤᠯᠪᠣᠭᠳᠠᠯ ᠪᠦᠬᠦᠢ ᠲᠣᠭᠲᠠᠭᠠᠯ ᠪᠤᠶᠤ | ᠴᠣᠬᠤᠯᠠᠪᠤᠷᠢᠯᠠᠭᠰᠠᠨ ᠱᠠᠭᠠᠷᠳᠠᠯᠭ᠎ᠠ ᠶᠢ ᠵᠥᠷᠢᠴᠡᠭᠰᠡᠨ ᠢ ᠢᠯᠡᠷᠡᠬᠦᠯᠪᠡᠯ᠂ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠨᠢᠭᠡᠴᠢ ᠶᠢ ᠱᠠᠭᠠᠷᠳᠠᠵᠤ ᠴᠠᠭ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ | ᠬᠡᠷᠡᠭᠲᠡᠶ᠃ ᠬᠤᠭᠤᠴᠠᠭ᠎ᠠ ᠨᠢ ᠥᠩᠭᠡᠷᠡᠲᠡᠯ᠎ᠡ ᠴᠡᠭᠴᠡᠯᠡᠨ ᠰᠠᠶᠢᠵᠢᠷᠠᠭᠤᠯᠬᠤ ᠦᠭᠡᠶ ᠪᠤᠶᠤ ᠴᠡᠭᠴᠡᠯᠡᠨ | ᠰᠠᠶᠢᠵᠢᠷᠠᠭᠤᠯᠤᠭᠰᠠᠨ ᠤ ᠳᠠᠷᠠᠭ᠎ᠠ ᠮᠥᠨ ᠬᠦ ᠱᠠᠭᠠᠷᠳᠠᠯᠭ᠎ᠠ ᠳᠤ ᠨᠡᠶᠢᠴᠡᠬᠦ ᠦᠭᠡᠶ ᠶᠢ ᠨᠢ ᠬᠤᠯᠪᠣᠭᠳᠠᠯ ᠪᠦᠬᠦᠢ | ᠰᠠᠯᠠᠭ᠎ᠠ ᠮᠥᠴᠢᠷ ᠠᠴᠠ ᠢᠯᠡ ᠨᠡᠶᠢᠳᠡᠯᠡᠬᠦ᠂ ᠪᠦᠲᠦᠭᠡᠨ ᠪᠠᠶᠢᠭᠤᠯᠬᠤ ᠲᠥᠯᠥᠪᠯᠡᠭᠡ ᠪᠤᠶᠤ ᠪᠡᠯᠡ ᠮᠥᠩᠭᠦ ᠶᠢ ᠨᠢ | ᠲᠦᠷ ᠬᠤᠶᠢᠰᠢᠯᠠᠭᠤᠯᠤᠨ ᠲᠣᠬᠢᠷᠠᠭᠤᠯᠬᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠢ ᠲᠦᠷ | ᠵᠣᠭᠰᠣᠭᠠᠬᠤ ᠬᠡᠷᠡᠭᠲᠡᠶ᠃ ︵ᠬᠠᠷᠢᠭᠤᠴᠠᠯᠭᠠᠲᠦ ᠰᠠᠯᠠᠭ᠎ᠠ ᠮᠥᠴᠢᠷ᠄ ᠲᠣᠭᠤᠷᠢᠭ ᠤᠨ ᠨᠠᠮ ᠤᠨ ᠬᠤᠷᠢᠶ᠎ᠠ ᠶᠢᠨ | ᠢᠨᠲ᠋ᠧᠷ ᠰᠦᠯᠵᠢᠶᠠᠨ ᠤ ᠠᠮᠤᠷ ᠲᠦᠪᠰᠢᠨ ᠪᠠ ᠮᠡᠳᠡᠭᠡ ᠵᠠᠩᠬᠢᠵᠢᠯᠳᠠ ᠶᠢᠨ ᠵᠦᠪᠯᠡᠯ ᠤᠨ ᠠᠯᠪᠠᠨ ᠬᠡᠷ᠂ | ᠲᠣᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠤᠨ ᠠᠮᠤᠷ ᠲᠦᠪᠰᠢᠨ ᠤ ᠵᠦᠪᠯᠡᠯ ᠤᠨ ᠠᠯᠪᠠᠨ ᠬᠡᠷ᠂ | ᠲᠣᠭᠤᠷᠢᠭ ᠤᠨ ᠨᠠᠮ ᠤᠨ ᠬᠤᠷᠢᠶ᠎ᠠ ᠶᠢᠨ ᠨᠢᠭᠤᠴᠠ ᠶᠢ ᠬᠠᠮᠠᠭᠠᠯᠠᠬᠤ ᠨᠢᠭᠤᠴᠠ ᠮᠠᠲ᠋ᠧᠷᠢᠶᠠᠯ ᠤᠨ ᠲᠣᠪᠴᠢᠶ᠎ᠠ᠂ | ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ | ᠳ᠋ᠠᠶᠢᠲ᠋ᠠ ᠶᠢᠨ ᠬᠠᠮᠢᠶᠠᠷᠤᠯᠳᠠ ᠶᠢᠨ ᠲᠣᠪᠴᠢᠶ᠎ᠠ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ | ᠲᠣᠪᠴᠢᠶ᠎ᠠ︶ | ᠬᠤᠷᠢᠨ ᠵᠢᠷᠭᠤᠳᠤᠭᠠᠷ ᠵᠦᠶᠯ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠨᠢ ᠵᠠᠰᠠᠭ ᠤᠨ ᠶᠠᠪᠤᠳᠠᠯ ᠤᠨ | ᠮᠡᠳᠡᠭᠡ ᠵᠠᠩᠭᠢᠵᠢᠯᠲᠠ ᠶᠢᠨ ᠲᠥᠷᠥᠯ ᠵᠦᠶᠯ ᠳᠠᠬᠢ ᠬᠢᠨᠠᠨ ᠪᠤᠳᠤᠬᠤ ᠶᠢ ᠬᠠᠤᠯᠢ ᠶᠣᠰᠣᠭᠠᠷ ᠴᠢᠩᠭᠠᠳᠬᠠᠵᠤ᠂ | ᠲᠥᠷᠥᠯ ᠵᠦᠶᠯ ᠤᠨ ᠪᠠᠯᠠ ᠮᠥᠩᠭᠦ ᠶᠢᠨ ᠬᠡᠷᠡᠭᠯᠡᠯᠲᠡ ᠶᠢᠨ ᠦᠨᠡᠨ ᠪᠣᠳᠠᠲᠠᠶ᠂ ᠬᠠᠤᠯᠢ ᠶᠣᠰᠣᠨ ᠤ᠂ ᠥᠨᠳᠥᠷ ᠦᠷ᠎ᠡ | ᠪᠦᠲᠦᠮᠵᠢᠲᠡᠶ ᠪᠠᠶᠢᠬᠤ ᠶᠢ ᠠᠬᠢᠭᠤᠯᠬᠤ ᠬᠡᠷᠡᠭᠲᠡᠶ᠃ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠨᠢ | ᠠᠵᠢᠯ ᠤᠨ ᠬᠢᠷᠢ ᠪᠦᠲᠦᠮᠵᠢ ᠶᠢᠨ ᠦᠨᠡᠯᠡᠯᠲᠡ ᠪᠠ ᠪᠥᠲᠥᠭᠡᠨ ᠪᠠᠶᠢᠭᠤᠯᠤᠭᠰᠠᠨ ᠤ ᠳᠠᠷᠠᠭᠠᠬᠢ ᠦᠨᠡᠯᠡᠯᠲᠡ ᠶᠢᠨ | ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ᠂ ᠦᠨᠡᠯᠡᠭᠰᠡᠨ ᠦᠷ᠎ᠡ ᠳ᠋ᠦᠩ ᠢ ᠦᠨᠳᠦᠰᠦᠯᠡᠨ ᠴᠡᠭᠴᠡᠯᠡᠨ | ᠰᠠᠶᠢᠵᠢᠷᠠᠭᠤᠯᠬᠤ ᠰᠠᠨᠠᠯ ᠳᠤᠷᠠᠳᠴᠤ᠂ ᠲᠥᠷᠥᠯ ᠵᠦᠶᠯ ᠤᠨ ᠪᠥᠲᠥᠭᠡᠨ ᠪᠠᠶᠢᠭᠤᠯᠬᠤ ᠨᠢᠭᠡᠴᠢ ᠶᠢᠨ ᠬᠠᠮᠢᠶ᠎ᠠ ᠪᠥᠬᠦᠶ | ᠬᠠᠮᠢᠶᠠᠷᠤᠯᠲᠠ ᠶᠢᠨ ᠲᠦᠷᠢᠮ ᠢ ᠵᠢᠯᠣᠭᠤᠳᠤᠨ ᠲᠡᠭᠦᠯᠳᠡᠷᠵᠢᠭᠦᠯᠵᠦ᠂ ᠦᠨᠡᠯᠡᠭᠰᠡᠨ ᠦᠷ᠎ᠡ ᠳ᠋ᠦᠩ ᠢ ᠲᠠᠷᠠᠭᠠᠴᠢ ᠶᠢᠨ | ᠵᠢᠯ ᠤᠨ ᠪᠥᠲᠥᠭᠡᠨ ᠪᠠᠶᠢᠭᠤᠯᠤᠯᠲᠠ ᠪᠠ ᠠᠵᠢᠯᠯᠠᠭᠤᠯᠵᠤ ᠪᠠᠲᠤᠯᠠᠬᠤ ᠵᠠᠷᠤᠳᠠᠯ ᠢ ᠳᠣᠭᠢᠷᠠᠭᠤᠯᠬᠤ ᠶᠢᠨ ᠴᠢᠬᠤᠯᠠ | ᠦᠨᠳᠦᠰᠦᠯᠡᠯ ᠪᠣᠯᠭᠠᠬᠤ ᠬᠡᠷᠡᠭᠲᠡᠶ᠃ ︵ᠬᠠᠷᠢᠭᠤᠴᠠᠯᠭᠠᠲᠦ ᠰᠠᠯᠠᠭ᠎ᠠ ᠮᠥᠴᠢᠷ᠄ ᠲᠣᠭᠤᠷᠢᠭ ᠤᠨ ᠬᠢᠨᠠᠨ ᠪᠤᠳᠤᠬᠤ | ᠲᠣᠪᠴᠢᠶ᠎ᠠ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ︶ | ᠬᠤᠷᠢᠨ ᠳᠣᠯᠣᠳᠤᠭᠠᠷ ᠵᠦᠢᠯ ᠬᠤᠯᠪᠣᠭᠳᠠᠯ ᠪᠦᠬᠦᠢ ᠨᠢᠭᠡᠴᠢ ᠪᠤᠶᠤ ᠬᠤᠪᠢ ᠬᠥᠮᠦᠨ ᠲᠤᠰ ᠠᠷᠭ᠎ᠠ ᠶᠢᠨ | ᠲᠣᠭᠲᠠᠭᠠᠯ ᠠᠴᠠ ᠵᠥᠷᠢᠴᠡᠵᠦ᠂ ᠬᠢᠨᠠᠨ ᠵᠥᠪᠰᠢᠶᠡᠷᠡᠬᠦ᠂ ᠪᠦᠷᠢᠳᠬᠡᠨ ᠳᠠᠩᠰᠠᠯᠠᠬᠤ ᠳᠡᠰ ᠳᠠᠷᠠᠭᠠᠯᠠᠯ ᠢ | ᠭᠦᠢᠴᠡᠳᠬᠡᠭᠰᠡᠨ ᠦᠭᠡᠶ᠂ ᠡᠰᠡᠬᠦᠯ᠎ᠡ ᠬᠠᠮᠢᠶᠠᠷᠤᠯᠲᠠ ᠨᠢ ᠬᠦᠷᠦᠯᠴᠡᠬᠦ ᠦᠬᠡᠢ᠂ ᠬᠤᠳᠠᠯ ᠬᠠᠭᠤᠷᠮᠠᠬᠯᠠᠨ | ᠵᠣᠬᠢᠶᠠᠭᠰᠠᠨ ᠠᠴᠠ ᠪᠣᠯᠵᠤ ᠲᠦᠢᠮᠣ ᠲᠥᠰᠦᠪ ᠠᠴᠠ ᠬᠦᠨᠳᠦ ᠨᠣᠴᠢᠲᠠᠶ ᠬᠡᠲᠦᠷᠡᠭᠦᠯᠦᠭᠰᠡᠨ᠂ ᠶᠠᠰᠤ ᠴᠢᠨᠠᠷ ᠨᠢ | ᠮᠠᠭᠤ᠂ ᠪᠦᠷᠢᠯᠭᠡᠨ ᠰᠦᠢᠳᠬᠡᠭᠰᠡᠨ᠂ ᠠᠮᠤᠷ ᠲᠦᠪᠰᠢᠨ ᠤ ᠠᠳᠠᠯ ᠪᠤᠶᠤ ᠪᠤᠰᠤᠳ ᠬᠠᠷᠢᠭᠤᠴᠠᠯᠭ᠎ᠠ ᠶᠢᠨ ᠠᠳᠠᠯ | ᠭᠠᠷᠭᠠᠭᠰᠠᠨ ᠪᠠᠶᠢᠪᠠᠯ᠂ ᠰᠢᠭᠤᠳ ᠬᠠᠷᠢᠭᠤᠴᠠᠯᠭ᠎ᠠ ᠲᠠᠢ ᠭᠤᠣᠯᠯᠠᠨ ᠬᠠᠮᠢᠶᠠᠷᠬᠤ ᠬᠥᠮᠦᠨ ᠪᠠ ᠪᠤᠰᠤᠳ | ᠬᠠᠷᠢᠭᠤᠴᠠᠯᠭᠠᠳᠠᠨ ᠠᠴᠠ ᠬᠠᠤᠯᠢ ᠲᠣᠭᠲᠠᠭᠠᠯ ᠰᠠᠬᠢᠯᠭ᠎ᠠ ᠪᠠᠲᠤ ᠶᠢᠨ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ | ᠬᠤᠯᠪᠣᠭᠳᠠᠯ ᠪᠥᠬᠦᠶ ᠨᠢᠭᠡᠴᠢ ᠪᠤᠶᠤ ᠬᠤᠪᠢ ᠬᠥᠮᠦᠨ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ | ᠪᠣᠯᠤᠨ ᠬᠥᠨᠳᠡᠯᠡᠨ ᠲᠣᠭᠤᠷᠢᠭ ᠤᠨ ᠬᠤᠯᠪᠣᠭᠳᠠᠯ ᠪᠥᠬᠦᠶ ᠲᠣᠭᠲᠠᠭᠠᠯ ᠢ ᠵᠥᠷᠢᠴᠡᠵᠦ᠂ ᠵᠠᠰᠠᠭ ᠤᠨ ᠶᠠᠪᠤᠳᠠᠯ ᠤᠨ | ᠮᠡᠳᠡᠭᠡ ᠵᠠᠩᠭᠢᠵᠢᠯᠲᠠ ᠶᠢᠨ ᠲᠥᠷᠥᠯ ᠵᠦᠶᠯ ᠤᠨ ᠪᠠᠯᠠ ᠮᠥᠩᠭᠦ ᠶᠢ ᠦᠯᠡᠳᠡᠭᠡᠨ ᠠᠪᠴᠤ᠂ ᠨᠡᠭᠦᠯᠭᠡᠨ ᠬᠡᠷᠡᠭᠯᠡᠭᠰᠡᠨ | ᠪᠠᠶᠢᠪᠠᠯ᠂ ︽ᠡᠳ᠋ ᠤᠨ ᠵᠠᠰᠠᠭ ᠤᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠣᠷᠭᠠᠵᠤ ᠰᠢᠢᠳᠬᠡᠬᠦ | ᠲᠦᠷᠢᠮ︾ ︵ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ 427 ᠳ᠋ᠤᠭᠠᠷ ᠲᠣᠭᠠᠲᠤ︶ ᠵᠡᠷᠭᠡ ᠬᠠᠮᠢᠶ᠎ᠠ | ᠪᠥᠬᠦᠶ ᠲᠣᠭᠲᠠᠭᠠᠯ ᠶᠣᠰᠣᠭᠠᠷ ᠰᠢᠶᠳᠪᠦᠷᠢᠯᠡᠨ᠎ᠡ᠃ | ᠲᠠᠪᠤᠳᠤᠭᠠᠷ ᠪᠦᠯᠦᠭ ᠳᠠᠭᠠᠯᠳᠤᠭᠤᠯᠤᠯ ᠳᠦᠷᠢᠮ | ᠬᠤᠷᠢᠨ ᠨᠠᠢᠮᠠᠳᠤᠭᠠᠷ ᠵᠦᠶᠯ ᠵᠠᠷᠴᠢᠮ ᠳᠡᠭᠡᠷ᠎ᠡ ᠪᠠᠨ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠨᠢ | ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠥᠷᠥᠯ ᠵᠦᠶᠯ ᠢ ᠲᠤᠰᠠᠭᠠᠷ ᠪᠠᠶᠢᠭᠤᠯᠵᠤ ᠪᠣᠯᠬᠤ ᠥᠬᠡᠶ᠂ | ᠦᠵᠡᠭᠳᠡᠯ ᠲᠠᠯᠠᠪᠠᠶ ᠶᠢ ᠰᠢᠨ᠎ᠡ ᠶᠢ ᠡᠭᠦᠳᠦᠨ ᠬᠡᠷᠡᠭᠯᠡᠬᠦ ᠵᠡᠷᠭᠡ ᠪᠥᠲᠥᠭᠡᠨ ᠪᠠᠶᠢᠭᠤᠯᠤᠯᠲᠠ ᠶᠢᠨ ᠬᠡᠷᠡᠭᠴᠡᠭᠡ ᠶᠢ | ᠲᠤᠭᠤᠷᠢᠭ ᠤᠨ ᠱᠠᠳᠤᠨ ᠠᠴᠠ ᠨᠢᠭᠡᠳᠦᠯᠲᠡᠶ ᠲᠦᠯᠦᠪᠵᠢᠬᠦᠯᠦᠨ ᠬᠠᠮᠢᠶᠠᠷᠬᠤ ᠬᠡᠷᠡᠭᠲᠡᠶ᠃ | ᠬᠤᠷᠢ ᠶᠢᠰᠦᠳᠦᠭᠡᠷ ᠵᠦᠢᠯ ᠲᠤᠰ ᠠᠷᠭ᠎ᠠ ᠶᠢ ᠳᠠᠷᠤᠮᠠᠯᠯᠠᠨ ᠲᠠᠷᠬᠠᠭᠠᠬᠰᠠᠨ ᠡᠳᠦᠷ ᠠᠴᠠ ᠡᠬᠢᠯᠡᠨ | ᠬᠡᠷᠡᠭᠵᠢᠭᠦᠯᠵᠦ᠂ ᠬᠦᠴᠦᠨ ᠲᠠᠢ ᠬᠤᠭᠤᠴᠠᠭ᠎ᠠ ᠨᠢ ᠬᠤᠶᠠᠷ ᠵᠢᠯ ᠪᠣᠯᠤᠨ᠎ᠠ᠃ |