ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠃ ᠲᠤᠭᠤᠷᠢᠭ ᠤᠨ ᠨᠠᠮ ᠤᠨ ᠬᠤᠷᠢᠶᠠᠨ ᠤ ᠰᠤᠷᠭᠠᠨ | ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠰᠤᠷᠭᠠᠨ ᠬᠥᠮᠦᠵᠢᠯ ᠤᠨ ᠬᠥᠭᠵᠢᠯᠲᠡ ᠶᠢᠨ | ᠬᠠᠷᠠᠯᠲᠠ ᠴᠢᠭᠯᠡᠯ ᠪᠣᠯᠤᠨ ᠭᠤᠣᠯᠳᠠᠯᠭ᠎ᠠ ᠲᠠᠢ ᠵᠥᠪᠯᠡᠬᠦ ᠰᠡᠳᠦᠪ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠵᠤ᠂ | ᠰᠤᠷᠭᠠᠨ ᠬᠥᠮᠦᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠡᠩ ᠲᠡᠷᠢᠭᠦᠨ ᠳᠤ ᠨᠠᠶᠢᠳᠠᠪᠤᠷᠢᠵᠢᠭᠤᠯᠵᠤ᠂ ᠰᠢᠯᠢᠳᠡᠭ | ᠰᠤᠷᠭᠠᠨ ᠬᠥᠮᠦᠵᠢᠯ ᠤᠨ ᠴᠢᠳᠠᠪᠤᠷᠢᠲᠠᠨ ᠢ ᠲᠦᠷᠭᠡᠳᠬᠡᠨ ᠣᠷᠣᠭᠤᠯᠵᠤ ᠠᠪᠴᠢᠷᠠᠪᠠ᠃ ᠬᠤᠶᠠᠷ ᠲᠤ᠂ ᠲᠥᠷᠥ ᠶᠢᠨ | ᠪᠣᠳᠣᠯᠭ᠎ᠠ ᠶᠢᠨ ᠪᠠᠲᠤᠯᠠᠭ᠎ᠠ᠃ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠳᠣᠪᠤᠶᠢᠯᠭᠠᠵᠤ᠂ 2024 ᠣᠨ ᠳᠤ ︽ | ᠬᠥᠨᠳᠡᠯᠡᠨ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠪᠠᠭᠰᠢ ︿ᠰᠢᠶᠠᠨ ᠠᠴᠠ ᠬᠠᠮᠢᠶᠠᠷᠴᠤ | ᠰᠤᠷᠭᠠᠭᠤᠯᠢ ᠠᠴᠠ ᠤᠷᠢᠨ ᠬᠡᠷᠡᠭᠯᠡᠬᠦ﹀ ᠬᠠᠮᠢᠶᠠᠷᠤᠯᠲᠠ ᠶᠢᠨ ᠲᠣᠭᠲᠠᠴᠠ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ | ᠰᠠᠨᠠᠯ︾ ᠢ ᠨᠡᠶᠢᠲᠡᠯᠡᠵᠦ᠂ ᠪᠠᠭᠰᠢ ᠶᠢᠨ ᠵᠦᠶ ᠵᠣᠬᠢᠰᠲᠠᠶ ᠰᠢᠯᠵᠢᠬᠦ ᠶᠢ ᠠᠬᠢᠭᠤᠯᠵᠤ᠂ ᠰᠤᠷᠭᠠᠨ ᠬᠥᠮᠦᠵᠢᠯ ᠤᠨ | ᠲᠡᠩᠴᠡᠭᠦᠷᠢᠲᠡᠶ ᠬᠥᠭᠵᠢᠯᠲᠡ ᠶᠢ ᠠᠬᠢᠭᠤᠯᠪᠠ᠃ ᠭᠤᠷᠪᠠ ᠳᠤ᠂ ᠪᠡᠯᠡ ᠮᠥᠩᠭᠦᠨ ᠤ ᠪᠠᠲᠤᠯᠠᠭ᠎ᠠ᠃ ᠠᠯᠪᠠᠨ ᠵᠢᠷᠤᠮ ᠤᠨ | ᠰᠤᠷᠭᠠᠨ ᠬᠥᠮᠦᠵᠢᠯ ᠢ ᠭᠤᠤᠯᠳᠠᠯᠭ᠎ᠠ ᠲᠠᠢ ᠪᠠᠲᠤᠯᠠᠭᠰᠠᠨ ᠤᠷᠢᠲᠠᠯ ᠳᠤᠤᠷ᠎ᠠ᠂ ᠵᠠᠷᠤᠯᠭ᠎ᠠ ᠶᠢᠨ ᠪᠦᠲᠦᠴᠡ ᠶᠢ | ᠰᠢᠯᠢᠳᠡᠭᠵᠢᠭᠦᠯᠦᠨ᠂ ᠰᠤᠷᠬᠤ ᠨᠠᠰᠤᠨ ᠠᠴᠠ ᠡᠮᠦᠨᠡᠬᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠵᠡᠷᠭᠡ ᠱᠠᠲᠤ | ᠦᠶ᠎ᠡ ᠶᠢᠨ ᠰᠤᠷᠭᠠᠨ ᠬᠥᠮᠦᠵᠢᠯ ᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠠᠵᠢᠯᠯᠠᠭ᠎ᠠ ᠶᠢ ᠢᠳᠡᠪᠬᠢᠲᠡᠶ | ᠳᠡᠮᠵᠢᠪᠠ᠃ ᠣᠳᠣᠬᠠᠨ ᠳᠤ ᠪᠦᠬᠦ ᠲᠤᠭᠤᠷᠢᠭ ᠲᠤ ᠳᠤᠮᠳᠠᠳᠤ ᠪᠠᠭ᠎ᠠ ᠰᠤᠷᠭᠠᠭᠤᠯᠢ ᠨᠡᠶᠢᠲᠡ 57᠂ ᠬᠡᠦᠬᠡᠳ ᠤᠨ | ᠴᠡᠴᠡᠷᠯᠢᠭ 68 ᠪᠠᠶᠢᠵᠤ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠳᠤ ᠪᠠᠶᠢᠭ᠎ᠠ ᠰᠤᠷᠤᠭᠴᠢ ᠨᠡᠶᠢᠲᠡ 11 | ᠲᠦᠮᠡ ᠣᠷᠴᠢᠮ ᠪᠤᠯᠵᠤ᠂ ᠠᠯᠪᠠᠨ ᠠᠴᠠ ᠡᠷᠬᠢᠯᠡᠭᠰᠡᠨ ᠰᠤᠷᠭᠠᠭᠤᠯᠢ ᠶᠢᠨ ᠠᠵᠢᠯ ᠤᠨ ᠪᠠᠶᠢᠷᠢ ᠳᠤ ᠪᠠᠶᠢᠭ᠎ᠠ ᠪᠠᠭᠰᠢ | ᠠᠵᠢᠯᠲᠠᠨ ᠠᠵᠢᠯᠴᠢᠨ 8000 ᠰᠢᠬᠠᠮ ᠪᠠᠶᠢᠵᠤ᠂ ᠪᠤᠭᠤᠲᠤ ᠬᠤᠲᠠ ᠶᠢᠨ ᠬᠡᠪᠴᠢᠶ᠎ᠡ ᠪᠠᠷ ᠬᠠᠮᠤᠭ ᠤᠨ ᠶᠡᠭᠡ ᠰᠤᠷᠭᠠᠨ | ᠬᠥᠮᠦᠵᠢᠯ ᠤᠨ ᠰᠢᠲ᠋ᠧᠮ ᠢ ᠪᠠᠶᠢᠭᠤᠯᠤᠨ᠂ ᠰᠤᠷᠭᠠᠭᠤᠯᠢ ᠡᠷᠬᠢᠯᠡᠬᠦ ᠬᠢᠷᠢ ᠲᠦᠪᠰᠢᠨ ᠨᠢ ᠥᠪᠡᠷᠲᠡᠭᠡᠨ ᠵᠠᠰᠠᠬᠤ ᠣᠷᠣᠨ ᠤ | ᠡᠮᠦᠨ᠎ᠡ ᠡᠩᠨᠡᠭᠡᠨ ᠳᠤ ᠣᠷᠣᠪᠠ᠃ ᠣᠶᠢᠷ᠎ᠠ ᠶᠢᠨ 3 ᠵᠢᠯ ᠳᠤ᠂ ᠬᠥᠨᠳᠡᠯᠡᠨ ᠲᠣᠭᠤᠷᠢᠭ 10 ᠳ᠋ᠦᠩᠰᠢᠭᠤᠷ ᠲᠥᠭᠦᠷᠢᠭ ᠤᠨ | ᠪᠠᠯᠠ ᠣᠷᠣᠭᠤᠯᠵᠤ᠂ ᠰᠢᠨ᠎ᠡ ᠪᠠᠷ ᠪᠠᠶᠢᠭᠤᠯᠤᠭᠰᠠᠨ ᠰᠤᠷᠭᠠᠭᠤᠯᠢ ᠶᠢᠨ ᠪᠠᠶᠢᠷᠢ ᠶᠢᠨ ᠬᠡᠷ ᠤᠨ ᠲᠠᠯᠠᠪᠠᠶ ᠨᠡᠶᠢᠲᠡ 18 ᠲᠦᠮᠡᠨ | ᠲᠡᠭᠰᠢ ᠳᠥᠷᠪᠡᠯᠵᠢᠨ ᠮᠧᠲᠷ ᠲᠤ ᠬᠦᠷᠴᠦ᠂ ᠰᠢᠨ᠎ᠡ ᠪᠠᠷ ᠨᠡᠮᠡᠭᠳᠡᠭᠰᠡᠨ ᠰᠤᠷᠤᠬᠴᠢ ᠶᠢᠨ ᠤᠷᠤ 1.2 ᠲᠦᠮᠨ ᠪᠤᠯᠪᠠ᠃ |