1 ᠰᠠᠷ᠎ᠠ ᠶᠢᠨ 21 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠬᠤ᠋ ᠴᠢᠶᠠᠩ ᠱᠦᠵᠢ ᠶᠢᠨ | ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠲᠤᠭᠤᠷᠢᠭ ᠤᠨ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ | ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ | ᠲᠤᠭᠤᠷᠢᠭ ᠤᠨ ᠤᠳᠤᠷᠢᠳᠤᠯᠭ᠎ᠠ ᠸᠠᠩ ᠸᠧᠶ᠂ ᠰᠤ᠋ ᠵᠢᠶᠦ᠋ᠨ᠂ ᠵᠧᠤ ᠬᠠᠶ ᠹᠸᠢ ᠬᠤᠷᠠᠯ ᠳᠤ ᠣᠷᠣᠯᠴᠠᠪᠠ᠃ | ᠬᠤ᠋ ᠴᠢᠶᠠᠩ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠦᠷᠢᠶᠡᠨ ᠤ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠭᠤᠣᠯ | ᠠᠵᠢᠯ ᠤᠨ ᠲᠣᠭᠤᠷᠢᠨ ᠳᠤ᠂ ᠬᠥᠭᠵᠢᠯᠲᠡ ᠳᠤ ᠦᠢᠯᠡᠴᠢᠯᠡᠬᠦ ᠭᠠᠷᠳᠠᠬᠤ ᠴᠡᠭ᠂ ᠰᠢᠪᠲᠤᠯᠬᠤ ᠴᠡᠭ ᠢ ᠤᠯᠠᠮ | ᠴᠢᠨᠠᠭᠰᠢᠳᠠ ᠣᠨᠣᠪᠴᠢᠲᠠᠢ ᠣᠯᠵᠤ᠂ ᠪᠣᠳᠠᠲᠠᠢ ᠡᠭᠦᠷᠭᠡ ᠶᠢ ᠲᠣᠳᠣᠷᠬᠠᠶᠢᠯᠠᠵᠤ᠂ ᠪᠦᠬᠦ ᠬᠦᠴᠦᠨ ᠢᠶᠠᠷ ᠢᠶᠠᠨ | ᠴᠢᠷᠮᠠᠶᠢᠵᠤ᠂ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠵᠤ᠂ ᠬᠥᠭᠵᠢᠯᠲᠡ ᠶᠢᠨ ᠳᠤᠮᠳᠠ ᠠᠵᠤ | ᠠᠬᠤᠶᠢᠯᠠᠯ ᠤᠨ ᠲᠤᠰ ᠪᠡᠶ᠎ᠡ ᠶᠢᠨ ᠡᠵᠡᠩᠨᠡᠯᠲᠡ ᠶᠢᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ | ᠨᠡᠩ ᠤᠯᠠᠨ ᠲᠦᠷᠦ ᠶᠢᠨ ᠪᠤᠳᠤᠯᠭ᠎ᠠ᠂ ᠡᠬᠢ ᠪᠠᠶᠠᠯᠢᠭ ᠤᠨ ᠡᠯᠧᠮᠧᠨ᠋ᠲ ᠪᠣᠯᠤᠨ ᠪᠡᠯᠡ ᠮᠥᠩᠭᠦᠨ ᠤ ᠳᠡᠮᠵᠢᠯᠭᠡ ᠶᠢ | ᠵᠣᠯᠭᠠᠭᠤᠯᠬᠤ ᠪᠠᠷ ᠢᠳᠡᠪᠬᠢᠯᠡᠨ ᠴᠢᠷᠮᠠᠶᠢᠵᠤ᠂ ᠬᠦᠴᠦᠨ ᠢ ᠠᠰᠢᠭᠯᠠᠨ ᠬᠥᠭᠵᠢᠭᠦᠯᠬᠦ ᠶᠢ ᠨᠡᠩ ᠰᠠᠶᠢᠲᠤᠷ ᠪᠡᠶᠡᠯᠡᠭᠦᠯᠬᠦ | ᠬᠡᠷᠡᠭᠲᠡᠢ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠰᠢᠰᠲ᠋ᠧᠮᠲᠦ ᠴᠢᠨᠠᠷ᠂ | ᠪᠦᠬᠦᠯᠢ ᠴᠣᠭᠴᠠᠲᠤ ᠴᠢᠨᠠᠷ ᠢ ᠲᠠᠰᠤᠷᠠᠯᠳᠠ ᠦᠭᠡᠢ ᠴᠢᠩᠭᠠᠳᠬᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ | ᠪᠣᠯᠤᠨ ᠡᠯ᠎ᠡ ᠰᠠᠯᠠᠭ᠎ᠠ ᠮᠥᠴᠢᠷ ᠪᠣᠯᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠤᠭᠤᠷᠣᠨᠳᠣᠬᠢ | ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠬᠠᠮ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠯᠡᠵᠦ᠂ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠯᠠᠪᠳᠠᠭᠤᠨ ᠪᠠᠲᠤᠲᠠᠢ ᠦᠷ᠎ᠡ ᠪᠦᠲᠦᠮᠵᠢ ᠤᠯᠬᠤ ᠶᠢ | ᠠᠬᠢᠭᠤᠯᠬᠤ ᠬᠡᠷᠡᠭᠲᠡᠢ᠃ ︵ᠰᠤᠷᠪᠤᠯᠵᠢᠯᠠᠭᠴᠢ᠄ ᠹᠧᠩ ᠰᠢᠤᠸᠠᠢ ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ | ᠨᠠᠮ ᠤᠨ ᠬᠤᠷᠢᠶᠠᠨ ᠤ ᠠᠯᠪᠠᠨ ᠭᠡᠷ︶ |