ᠬᠤ᠋ ᠴᠢᠶᠠᠩ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/1/24
    1 ᠰᠠᠷ᠎ᠠ ᠶᠢᠨ 21 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠬᠤ᠋ ᠴᠢᠶᠠᠩ ᠱᠧᠨ ᠷᠦᠨ ᠲᠡᠵᠢᠭᠡᠪᠦᠷᠢ ᠶᠢᠨ ᠦᠢᠯᠡᠰ ᠤᠨ ᠲᠤᠰᠬᠠᠢ ᠬᠤᠷᠰᠢᠶ᠎ᠠ᠂ ᠬᠤᠸᠠ ᠭᠦᠸᠧ ᠫᠢᠶᠣᠣ ᠰᠢᠶᠠᠩ ᠲᠡᠵᠢᠭᠡᠪᠦᠷᠢ ᠶᠢᠨ    ᠦᠢᠯᠡᠰ ᠤᠨ ᠲᠠᠷᠢᠶᠠᠴᠢᠨ ᠤ ᠲᠤᠰᠬᠠᠢ ᠬᠤᠷᠰᠢᠶ᠎ᠠ ᠵᠡᠷᠭᠡ ᠠᠵᠤ ᠠᠬᠤᠶᠢᠯᠠᠯ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠵᠤ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠪᠠ ᠮᠠᠯᠵᠢᠬᠤ ᠲᠠᠷᠢᠶᠠᠯᠠᠬᠤ ᠤᠷᠤᠨ ᠤ ᠲᠣᠪᠴᠢᠶᠠᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ    ᠰᠣᠨᠣᠰᠴᠤ᠂ ᠤᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠳᠤ ᠱᠠᠭᠠᠷᠳᠠᠯᠭ᠎ᠠ ᠳᠤᠷᠠᠳᠪᠠ᠃     ᠬᠤ᠋ ᠴᠢᠶᠠᠩ᠂ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ︾ ᠪᠠᠷ ᠬᠠᠷᠠᠯᠲᠠ ᠪᠣᠯᠭᠠᠵᠤ᠂ ᠮᠠᠨ ᠤ ᠲᠤᠭᠤᠷᠢᠭ ᠤᠨ ᠲᠡᠵᠢᠭᠡᠪᠦᠷᠢ ᠶᠢᠨ ᠦᠢᠯᠡᠰ᠂ ᠢᠳᠡᠭᠡᠨ ᠤ ᠮᠦᠬᠦ᠂ ᠲᠤᠮᠤ ᠢᠩᠲᠣᠣᠷ ᠵᠡᠷᠭᠡ ᠤᠨᠴᠠᠯᠢᠬᠳᠤ ᠠᠵᠤ ᠦᠢᠯᠡᠰ ᠲᠤ ᠲᠦᠰᠢᠭᠯᠡᠨ᠂ ᠤᠳᠤ ᠦᠶ᠎ᠡ ᠶᠢᠨ ᠥᠨᠳᠥᠷ ᠪᠠᠷᠢᠮᠵᠢᠶᠠᠲᠤ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠲᠦᠷᠦᠯ ᠵᠦᠢᠯ ᠤᠨ ᠦᠢᠯᠡᠳᠪᠦᠷᠢᠯᠡᠯ ᠤᠨ ᠡᠯᠧᠮᠧᠨ᠋ᠲ ᠤᠨ ᠪᠠᠲᠤᠯᠠᠭ᠎ᠠ ᠶᠢ ᠪᠦᠬᠦ ᠬᠦᠴᠦ ᠪᠠᠷ ᠢᠶᠠᠨ ᠰᠠᠶᠢᠲᠤᠷ ᠬᠢᠵᠦ᠂ ᠭᠠᠵᠠᠷ ᠰᠢᠷᠦᠢ ᠬᠡᠷᠡᠭᠯᠡᠬᠦ ᠨᠢᠭᠡᠴᠢ ᠶᠢ ᠬᠠᠪᠰᠤᠷᠤᠨ ᠪᠣᠳᠠᠲᠠᠢ ᠠᠰᠠᠭᠤᠳᠠᠯ ᠢ ᠨᠢ ᠵᠣᠬᠢᠴᠠᠭᠤᠯᠤᠨ ᠰᠢᠢᠳᠪᠦᠷᠢᠯᠡᠵᠤ ᠦᠭᠬᠦ ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠠᠮᠢ ᠠᠬᠤᠢ ᠶᠢ ᠵᠠᠰᠠᠨ ᠰᠡᠷᠭᠦᠭᠡᠬᠦ ᠶᠢ ᠦᠷᠭᠦᠯᠵᠢᠯᠡᠨ ᠠᠬᠢᠭᠤᠯᠵᠤ᠂ ᠭᠤᠣᠯ ᠤᠨ ᠬᠡᠪᠡᠯᠢ ᠶᠢᠨ ᠪᠦᠬᠦᠯᠢ ᠴᠣᠭᠴᠠ ᠶᠢᠨ ᠲᠦᠷᠢ ᠲᠥᠷᠬᠦ ᠪᠠ ᠠᠮᠢ ᠠᠬᠤᠢ ᠶᠢᠨ ᠦᠷ᠎ᠡ ᠠᠰᠢᠭ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ ᠦᠭᠡᠢ ᠬᠦᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠢ᠃ 2025 ᠣᠨ ᠤ ᠭᠤᠤᠯᠳᠠᠯᠭ᠎ᠠ ᠲᠠᠢ ᠠᠵᠢᠯ ᠪᠠ ᠪᠡᠯᠭᠡ ᠲᠡᠮᠳᠡᠭ ᠤᠨ ᠴᠢᠨᠠᠷᠲᠠᠶ ᠲᠥᠷᠥᠯ ᠵᠦᠶᠯ ᠢ ᠤᠯᠠᠮ ᠨᠢᠭᠡ ᠠᠯᠬᠤᠮ ᠡᠮᠬᠢᠯᠡᠵᠦ᠂ ᠣᠲᠣ ᠶᠢᠨ ᠪᠠᠶᠢᠭ᠎ᠠ ᠠᠵᠤ ᠦᠶᠯᠡᠰ ᠤᠨ ᠡᠯᠧᠮᠧᠨ᠋ᠲ ᠲᠤ ᠲᠦᠰᠢᠭᠯᠡᠨ᠂ ᠮᠠᠨ ᠤ    ᠲᠤᠭᠤᠷᠢᠭ ᠤᠨ ︽ᠵᠢᠵᠢᠭ ᠲᠠᠷᠢᠶᠠᠯᠠᠩ᠂ ᠲᠣᠮᠣ ᠵᠠᠬ᠎ᠠ ᠳᠡᠯᠭᠡᠭᠦᠷ︾ ᠤᠨ ᠣᠷᠣᠨ ᠪᠠᠶᠢᠷᠢ ᠶᠢᠨ ᠳᠠᠪᠠᠭᠤᠯᠢᠭ ᠢ ᠪᠠᠳᠠᠷᠠᠭᠤᠯᠵᠤ᠂ ᠡᠬᠢ ᠪᠠᠶᠠᠯᠢᠭ ᠢ ᠨᠡᠶᠢᠳᠬᠡᠬᠦ ᠶᠢ ᠥᠷᠨᠢᠭᠦᠯᠦᠨ᠂ ᠬᠤᠳᠠ ᠶᠢᠨ ᠣᠶᠢᠷ᠎ᠠ ᠲᠡᠭᠦᠷᠭᠡ ᠶᠢᠨ ᠲᠠᠷᠢᠶᠠᠯᠠᠩ ᠤᠨ ᠬᠥᠭᠵᠢᠯᠲᠡ ᠶᠢ ᠠᠬᠢᠭᠤᠯᠵᠤ᠂ ᠬᠤᠳᠠ ᠶᠢᠨ ᠣᠶᠢᠷ᠎ᠠ ᠲᠡᠭᠦᠷᠭᠡ ᠶᠢᠨ ᠵᠢᠭᠤᠯᠴᠢᠯᠠᠯ ᠤᠨ ᠠᠵᠤ ᠠᠬᠤᠶ ᠶᠢᠨ ᠲᠣᠭᠤᠷᠢᠭ ᠢ ᠪᠠᠶᠢᠭᠤᠯᠬᠤ ᠬᠡᠷᠡᠭᠲᠡᠶ ᠬᠡᠵᠡᠢ᠃     ᠲᠤᠭᠤᠷᠢᠭ ᠤᠨ ᠤᠳᠤᠷᠢᠳᠤᠯᠭ᠎ᠠ ᠰᠤ᠋ ᠵᠢᠶᠦ᠋ᠨ᠂ ᠸᠧᠨ ᠵᠧᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ︵ᠰᠤᠷᠪᠤᠯᠵᠢᠯᠠᠭᠴᠢ᠄ ᠯᠧᠢ ᠶᠤᠸᠠᠨ ᠶᠤᠸᠠᠨ᠂ ᠭᠤᠤ ᠵᠢᠶᠠ ᠲᠦᠩ    ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号