ᠨᠢᠭᠡ᠂ ᠲᠤᠭᠤᠷᠪᠢᠭᠰᠠᠨ ᠠᠬᠤᠶ ᠪᠠᠶᠢᠳᠠᠯ ᠪᠠ ᠴᠢᠬᠤᠯᠠ ᠴᠢᠨᠠᠷ | ︵ᠨᠢᠭᠡ︶ ᠤᠰᠤᠨ ᠤ ᠪᠣᠬᠢᠷᠲᠤᠯ ᠤᠨ ᠰᠡᠷᠭᠡᠶᠢᠯᠡᠨ ᠵᠠᠰᠠᠯᠲᠠ ᠶᠢ ᠬᠡᠷᠡᠭᠵᠢᠭᠦᠯᠵᠦ᠂ ᠪᠣᠬᠢᠷ ᠤᠰᠤ ᠶᠢ ᠡᠬᠢ | ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠬᠤ ᠬᠡᠷᠡᠭᠴᠡᠭᠡ᠃ ︽ᠥᠪᠥᠷ ᠮᠣᠩᠭᠤᠯ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ | ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ | ︹2023︺ 16 ᠳ᠋ᠤᠭᠠᠷ ᠲᠣᠭᠠᠲᠤ︶ ᠳᠤ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ | ᠭᠦᠨᠵᠡᠭᠡᠶ ᠥᠷᠨᠢᠭᠦᠯᠵᠦ᠂ ᠬᠥᠬᠡ ᠲᠡᠭᠷᠢ ᠬᠥᠬᠡᠮᠳᠦᠭ ᠤᠰᠤ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠤ | ᠢᠯᠠᠯᠲᠠ ᠶᠢ ᠡᠷᠡᠰ ᠲᠡᠮᠡᠴᠡᠨ ᠤᠯᠬᠤ ᠬᠡᠷᠡᠭᠲᠡᠶ ᠭᠡᠵᠦ ᠳᠤᠷᠠᠳᠪᠠ᠃ ᠬᠤᠲᠠ ᠪᠠᠯᠭᠠᠰᠤᠨ ᠤ ᠤᠰᠤ | ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ ᠪᠣᠯ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢᠨ ᠴᠢᠬᠤᠯᠠ | ᠠᠭᠤᠯᠭ᠎ᠠ ᠮᠥᠨ᠂ ︽ᠠᠷᠭ᠎ᠠ︾ ᠶᠢ ᠲᠣᠭᠲᠠᠭᠠᠭᠰᠠᠨ ᠨᠢ ᠤᠯᠤᠰ ᠤᠨ ᠲᠥᠷᠥ ᠶᠢᠨ ᠪᠣᠳᠣᠯᠭ᠎ᠠ ᠯᠤᠭ᠎ᠠ ᠶᠢᠨ | ᠵᠣᠯᠭᠠᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ | ᠤᠰᠤ ᠲᠠᠲᠠᠷᠠᠭᠤᠯᠬᠤ ᠪᠠ ᠪᠣᠬᠢᠷ ᠤᠰᠤ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠦᠢᠯᠡᠳᠦᠯ ᠴᠢᠳᠠᠪᠤᠷᠢ ᠶᠢ | ᠳᠡᠭᠡᠭᠰᠢᠯᠡᠭᠦᠯᠦᠨ᠂ ᠬᠤᠲᠠ ᠪᠠᠯᠭᠠᠰᠤᠨ ᠤ ᠪᠣᠬᠢᠷ ᠤᠰᠤ ᠶᠢ ᠠᠮᠤᠷ ᠲᠦᠪᠰᠢᠨ ᠪᠥᠭᠡᠳ ᠥᠨᠳᠥᠷ ᠪᠦᠲᠦᠮᠵᠢᠲᠡᠶ ᠪᠠᠷ | ᠰᠢᠢᠳᠪᠦᠷᠢᠯᠡᠬᠦ ᠶᠢ ᠦᠨᠡᠨ ᠬᠦ ᠪᠠᠲᠤᠯᠠᠵᠤ ᠴᠢᠳᠠᠨ᠎ᠠ᠃ | ︵ᠬᠤᠶᠠᠷ︶ ᠲᠥᠯᠥᠪᠵᠢᠭᠦᠯᠭᠡ ᠪᠠ ᠪᠦᠲᠦᠭᠡᠨ ᠪᠠᠶᠢᠭᠤᠯᠤᠯᠲᠠ ᠶᠢ ᠵᠢᠷᠤᠮᠵᠢᠭᠤᠯᠤᠨ᠂ ᠬᠤᠲᠠ ᠪᠠᠯᠭᠠᠰᠤᠨ ᠤ | ᠤᠰᠤ ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠴᠡᠭᠡ᠃ ᠬᠤᠲᠠ | ᠪᠠᠯᠭᠠᠰᠤᠨ ᠤ ᠤᠰᠤ ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠪᠣᠯ ᠬᠤᠲᠠ ᠶᠢᠨ ᠶᠠᠪᠤᠳᠠᠯ ᠤᠨ | ᠨᠡᠶᠢᠲᠡ ᠶᠢᠨ ᠬᠡᠷᠡᠭᠯᠡᠭᠡᠨ ᠤ ᠦᠢᠯᠡᠰ ᠪᠠ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ | ᠪᠦᠷᠢᠯᠳᠦᠬᠦᠨ ᠬᠡᠰᠡᠭ ᠪᠠᠶᠢᠵᠤ᠂ ᠬᠤᠲᠠ ᠪᠠᠯᠭᠠᠰᠤᠨ ᠤ ᠵᠠᠰᠠᠯᠲᠠ ᠶᠢᠨ ᠲᠣᠭᠲᠠᠯᠴᠠᠭ᠎ᠠ ᠪᠠ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠳᠤ ᠴᠢᠬᠤᠯᠠ ᠦᠢᠯᠡᠳᠦᠯ ᠲᠠᠢ ᠶᠤᠮ᠃ ︽ᠠᠷᠭ᠎ᠠ︾ ᠶᠢ | ᠨᠡᠶᠢᠲᠡᠯᠡᠭᠰᠡᠨ ᠨᠢ ᠬᠤᠲᠠ ᠪᠠᠯᠭᠠᠰᠤᠨ ᠤ ᠤᠰᠤ ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢᠨ | ᠲᠥᠯᠥᠪᠵᠢᠭᠦᠯᠭᠡ᠂ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠤᠰᠤ | ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ ᠬᠠᠭᠤᠴᠢᠨ ᠪᠡᠯᠡᠳᠬᠡᠮᠵᠢ ᠶᠢᠨ ᠰᠢᠨᠡᠴᠢᠯᠡᠯᠲᠡ ᠶᠢ ᠠᠬᠢᠭᠤᠯᠵᠤ᠂ | ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠰᠢᠰᠲ᠋ᠧᠮᠲᠦ ᠴᠢᠨᠠᠷ ᠢ ᠴᠢᠩᠭᠠᠷᠠᠭᠤᠯᠤᠨ᠂ ᠤᠰᠤᠳᠤᠯ ᠢ | ᠰᠡᠷᠭᠡᠶᠢᠯᠡᠨ ᠵᠠᠰᠠᠬᠤ ᠪᠠ ᠬᠤᠲᠠ ᠪᠠᠯᠭᠠᠰᠤᠨ ᠤ ᠤᠰᠤ ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ | ᠴᠢᠳᠠᠪᠤᠷᠢ ᠶᠢ ᠳᠡᠭᠡᠭᠰᠢᠯᠡᠭᠦᠯᠵᠦ ᠴᠢᠳᠠᠨ᠎ᠠ᠃ | ︵ᠭᠤᠷᠪᠠ︶ ᠬᠤᠲᠠ ᠪᠠᠯᠭᠠᠰᠤᠨ ᠤ ᠤᠰᠤ ᠲᠠᠲᠠᠷᠠᠭᠤᠯᠬᠤ ᠪᠠ ᠪᠣᠬᠢᠷ ᠤᠰᠤ ᠶᠢ ᠰᠢᠢᠳᠪᠦᠷᠢᠯᠡᠵᠦ | ᠪᠣᠬᠢᠷᠲᠤᠯ ᠢ ᠪᠠᠭᠠᠰᠬᠠᠨ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠶᠢ ᠠᠬᠢᠭᠤᠯᠵᠤ᠂ ᠬᠠᠮᠵᠢᠯᠴᠠᠨ ᠦᠷ᠎ᠡ ᠠᠰᠢᠭ | ᠨᠡᠮᠡᠭᠳᠡᠭᠦᠯᠬᠦ ᠬᠡᠷᠡᠭᠴᠡᠭᠡ᠃ ᠣᠳᠣᠬᠠᠨ ᠳᠤ᠂ ᠮᠠᠨ ᠤ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠦᠲᠦᠭᠡᠨ | ᠪᠠᠶᠢᠭᠤᠯᠤᠯᠲᠠ ᠨᠢ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠪᠠᠷ ᠭᠤᠣᠯᠳᠠᠯᠭ᠎ᠠ ᠲᠠᠢ ᠪᠠᠶᠢᠯᠳᠤᠬᠤ ᠪᠤᠳᠤᠯᠭ᠎ᠠ ᠶᠢᠨ | ᠴᠢᠭᠯᠡᠯ ᠪᠣᠯᠭᠠᠭᠰᠠᠨ᠂ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠤᠨ ᠬᠠᠮᠵᠢᠯᠴᠠᠨ ᠦᠷ᠎ᠡ | ᠠᠰᠢᠭ ᠨᠡᠮᠡᠭᠳᠡᠭᠦᠯᠬᠦ ᠶᠢ ᠠᠬᠢᠭᠤᠯᠬᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ ᠪᠣᠬᠢᠷᠲᠤᠯ | ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠤᠨ | ᠰᠠᠶᠢᠵᠢᠷᠠᠯᠲᠠ ᠶᠢ ᠲᠣᠭᠠᠨ ᠤ ᠬᠤᠪᠢᠷᠠᠯᠲᠠ ᠠᠴᠠ ᠴᠢᠨᠠᠷ ᠤᠨ ᠬᠤᠪᠢᠷᠠᠯᠲᠠ ᠳᠤ ᠬᠦᠷᠭᠡᠬᠦ ᠵᠠᠩᠭᠢᠯᠠᠭ᠎ᠠ ᠶᠢᠨ ᠴᠠᠭ | ᠦᠶ᠎ᠡ ᠳᠤ ᠣᠷᠣᠪᠠ᠃ ᠪᠣᠬᠢᠷ ᠤᠰᠤ ᠰᠢᠢᠳᠪᠦᠷᠢᠯᠡᠬᠦ ᠪᠣᠯ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ | ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠬᠦ ᠶᠢᠨ ᠴᠢᠬᠤᠯᠠ ᠭᠠᠷᠳᠠᠴᠠ ᠪᠣᠯᠬᠤ ᠮᠥᠷᠲᠡᠭᠡᠨ ᠬᠦᠯᠡᠮᠵᠢ ᠶᠢᠨ ᠬᠡᠢ | ᠪᠡᠶᠡᠲᠦ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠶᠢ ᠠᠬᠢᠭᠤᠯᠬᠤ ᠶᠢᠨ ᠴᠢᠬᠤᠯᠠ ᠬᠦᠷᠢᠶ᠎ᠡ ᠪᠣᠯᠤᠨ᠎ᠠ᠃ ︽ | ᠠᠷᠭ᠎ᠠ︾ ᠶᠢ ᠲᠣᠭᠲᠠᠭᠠᠭᠰᠠᠨ ᠨᠢ ᠭᠤᠤᠯᠳᠠᠯᠭ᠎ᠠ ᠲᠠᠢ ᠪᠠᠷ ᠡᠨᠧᠷᠭᠢ ᠬᠡᠷᠡᠭᠯᠡᠬᠦ ᠲᠥᠬᠦᠭᠡᠷᠦᠮᠵᠢ ᠶᠢ ᠡᠨᠧᠷᠭᠢ | ᠠᠷᠪᠢᠯᠠᠬᠤ ᠲᠥᠬᠦᠭᠡᠷᠦᠮᠵᠢ ᠪᠣᠯᠭᠠᠨ ᠥᠭᠡᠷᠡᠴᠢᠯᠡᠨ ᠰᠢᠨᠡᠳᠬᠡᠬᠦ ᠶᠢ ᠤᠯᠠᠮ ᠨᠢᠭᠡ ᠠᠯᠬᠤᠮ ᠠᠬᠢᠭᠤᠯᠵᠤ᠂ ᠪᠣᠬᠢᠷ | ᠰᠢᠪᠠᠷ᠂ ᠪᠣᠬᠢᠷ ᠤᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠴᠢᠩᠭᠠᠳᠬᠠᠵᠤ ᠴᠢᠳᠠᠨ᠎ᠠ᠃ | ᠬᠤᠶᠠᠷ᠂ ᠭᠤᠣᠯ ᠠᠭᠤᠯᠭ᠎ᠠ | ︽ᠠᠷᠭ᠎ᠠ︾ ᠳᠤ ᠨᠡᠶᠢᠲᠡ 39 ᠵᠦᠢᠯ ᠪᠠᠶᠢᠨ᠎ᠠ᠃ ᠭᠤᠣᠯ ᠠᠭᠤᠯᠭ᠎ᠠ ᠨᠢ ᠳᠣᠣᠷᠠᠬᠢ ᠮᠡᠲᠦ᠄ | ︵ᠨᠢᠭᠡ︶ ᠲᠤᠬᠢᠷᠠᠬᠤ ᠬᠡᠪᠴᠢᠶ᠎ᠡ ᠬᠢᠭᠡᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ᠃ ︽ | ᠠᠷᠭ᠎ᠠ︾ ᠳᠤ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠪᠠ ᠬᠤᠰᠢᠭᠤ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠲᠠ ᠪᠠᠯᠭᠠᠰᠤᠨ ᠤ ᠤᠰᠤ | ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ ᠶᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠪᠤᠰᠤᠳ | ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠠᠵᠢᠯ ᠤᠨ ᠡᠭᠦᠷᠭᠡ ᠬᠠᠷᠢᠭᠤᠴᠠᠯᠭ᠎ᠠ᠂ ᠬᠤᠲᠠ ᠪᠠᠯᠭᠠᠰᠤᠨ ᠤ ᠤᠰᠤ | ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ ᠠᠵᠢᠯ ᠤᠨ ᠵᠠᠷᠴᠢᠮ᠂ ᠪᠠᠯᠠ ᠮᠥᠩᠭᠦᠨ ᠤ ᠪᠠᠲᠤᠯᠠᠭ᠎ᠠ ᠶᠢᠨ ᠠᠷᠭ᠎ᠠ | ᠬᠡᠮᠵᠢᠶ᠎ᠡ ᠵᠡᠷᠭᠡ ᠠᠭᠤᠯᠭ᠎ᠠ ᠶᠢ ᠲᠣᠳᠣᠷᠬᠠᠶᠢᠯᠠᠪᠠ᠃ | ︵ᠬᠤᠶᠠᠷ︶ ᠬᠤᠲᠠ ᠪᠠᠯᠭᠠᠰᠤᠨ ᠤ ᠤᠰᠤ ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ | ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠲᠤᠬᠠᠶ᠃ ︽ᠠᠷᠭ᠎ᠠ︾ ᠳᠤ ᠬᠤᠲᠠ ᠪᠠᠯᠭᠠᠰᠤᠨ ᠤ ᠤᠰᠤ | ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠭᠤᠤᠯ ᠴᠣᠭᠴᠠ᠂ | ᠲᠠᠰ ᠳᠠᠷᠠᠭᠠᠯᠠᠯ ᠵᠢᠴᠢ ᠠᠭᠤᠯᠭ᠎ᠠ ᠶᠢ ᠲᠣᠳᠣᠷᠬᠠᠶᠢᠯᠠᠪᠠ᠃ ᠬᠤᠭᠤᠯᠠᠢ ᠶᠢᠨ ᠲᠣᠣᠷ᠂ ᠬᠥᠭᠡᠷᠭᠡ ᠶᠢᠨ ᠦᠷᠳᠡᠭᠡ᠂ | ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠵᠢᠴᠢ ᠪᠣᠬᠢᠷ ᠰᠢᠪᠠᠷ ᠰᠢᠢᠳᠪᠦᠷᠢᠯᠡᠬᠦ᠂ ᠳᠠᠬᠢᠯᠲᠠ ᠤᠰᠤ ᠶᠢ | ᠠᠰᠢᠭᠯᠠᠬᠤ᠂ ᠪᠣᠷᠣᠭᠠᠨ ᠤ ᠤᠰᠤ ᠶᠢ ᠲᠣᠬᠢᠷᠠᠭᠤᠯᠤᠨ ᠬᠠᠳᠠᠭᠠᠯᠠᠬᠤ ᠪᠠ ᠭᠠᠳᠠᠭᠰᠢᠯᠠᠭᠤᠯᠬᠤ ᠵᠡᠷᠭᠡ ᠤᠰᠤ | ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢ ᠪᠦᠳᠦᠭᠡᠨ ᠪᠠᠶᠢᠭᠤᠯᠬᠤ ᠪᠠ ᠥᠭᠡᠷᠡᠴᠢᠯᠡᠨ | ᠰᠢᠨᠡᠳᠬᠡᠬᠦ ᠶᠢ ᠨᠢᠭᠡᠳᠦᠯᠲᠡᠢ ᠲᠥᠯᠥᠪᠯᠡᠨ ᠲᠤᠬᠢᠷᠠᠭᠤᠯᠬᠤ ᠶᠢ ᠱᠠᠭᠠᠷᠳᠠᠪᠠ᠃ ᠬᠤᠲᠠ ᠶᠢᠨ ᠵᠠᠮ ᠢ ᠲᠦᠰᠢᠭᠯᠡᠨ | ᠬᠤᠲᠠ ᠪᠠᠯᠭᠠᠰᠤᠨ ᠤ ᠤᠰᠤ ᠲᠠᠲᠠᠷᠠᠭᠤᠯᠬᠤ ᠪᠡᠯᠡᠳᠬᠡᠮᠵᠢ ᠪᠠᠶᠢᠭᠤᠯᠬᠤ ᠳᠤ᠂ ᠬᠤᠲᠠ ᠶᠢᠨ ᠵᠠᠮ ᠬᠠᠷᠢᠯᠴᠠᠭᠠᠨ ᠤ | ᠶᠡᠷᠦᠩᠬᠡᠶᠢᠯᠡᠭᠰᠡᠨ ᠲᠣᠭᠲᠠᠯᠴᠠᠭᠠᠨ ᠤ ᠲᠥᠯᠥᠪᠵᠢᠭᠦᠯᠭᠡ ᠪᠣᠯᠤᠨ ᠣᠨ ᠤ ᠪᠦᠲᠦᠭᠡᠨ ᠪᠠᠶᠢᠭᠤᠯᠤᠯᠲᠠ ᠶᠢᠨ | ᠲᠥᠯᠥᠪᠯᠡᠭᠡ ᠯᠦᠭᠡ ᠵᠣᠬᠢᠴᠠᠭᠤᠯᠵᠤ᠂ ᠬᠤᠲᠠ ᠶᠢᠨ ᠶᠠᠪᠤᠳᠠᠯ ᠤᠨ ᠵᠠᠮ ᠯᠤᠭ᠎ᠠ ᠵᠡᠷᠭᠡ ᠳᠤ ᠨᠢ ᠪᠦᠲᠦᠭᠡᠨ ᠪᠠᠶᠢᠭᠤᠯᠬᠤ | ᠬᠡᠷᠡᠭᠲᠡᠶ᠃ ᠤᠰᠤᠲᠤᠯ ᠬᠢᠯᠪᠠᠷᠬᠠᠨ ᠡᠭᠦᠰᠬᠦ ᠭᠠᠵᠠᠷ ᠣᠷᠣᠨ ᠤ ᠭᠠᠵᠠᠷ ᠳᠣᠤᠷᠠᠬᠢ ᠪᠠᠷᠢᠯᠭ᠎ᠠ᠂ ᠪᠠᠷᠢᠯᠭ᠎ᠠ ᠶᠢᠨ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ᠂ ᠬᠤᠲᠠ ᠪᠠᠯᠭᠠᠰᠤᠨ ᠤ ᠤᠰᠤ ᠲᠠᠲᠠᠷᠠᠭᠤᠯᠬᠤ ᠪᠠ ᠪᠣᠬᠢᠷ | ᠤᠰᠤ ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠠᠨ ᠳᠡᠭᠡᠭᠰᠢᠯᠡᠭᠦᠯᠵᠦ᠂ | ᠬᠢᠯᠪᠠᠷᠬᠠᠨ ᠤᠰᠤᠲᠤᠬᠤ ᠣᠷᠣᠨ ᠤ ᠤᠰᠤ ᠲᠠᠲᠠᠷᠠᠭᠤᠯᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠣᠯᠤᠨ | ᠥᠭᠡᠷᠡᠴᠢᠯᠡᠯᠲᠡ ᠶᠢ ᠡᠩ ᠲᠡᠷᠢᠭᠦᠨ ᠳᠤ ᠲᠣᠬᠢᠷᠠᠭᠤᠯᠬᠤ ᠬᠡᠷᠡᠭᠲᠡᠶ᠃ | ︵ᠭᠤᠷᠪᠠ︶ ᠬᠤᠲᠠ ᠪᠠᠯᠭᠠᠰᠤᠨ ᠤ ᠤᠰᠤ ᠲᠠᠲᠠᠷᠠᠭᠤᠯᠬᠤ ᠬᠤᠯᠪᠣᠭᠳᠠᠯ ᠪᠦᠬᠦᠢ ᠱᠠᠭᠠᠷᠳᠠᠯᠭ᠎ᠠ ᠶᠢᠨ ᠲᠤᠬᠠᠢ᠃ | ︽ᠠᠷᠭ᠎ᠠ︾ ᠳᠤ ᠠᠵᠤ ᠦᠢᠯᠡᠳᠪᠦᠷᠢ᠂ ᠪᠠᠷᠢᠯᠭ᠎ᠠ᠂ ᠢᠳᠡᠭᠡᠨ ᠤᠮᠳᠠᠭᠠᠨ᠂ ᠡᠮ ᠡᠮᠨᠡᠯᠭᠡ ᠵᠡᠷᠭᠡ ᠠᠵᠢᠯᠯᠠᠭ᠎ᠠ | ᠡᠷᠭᠢᠯᠡᠵᠦ ᠪᠠᠶᠢᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠬᠡ ᠨᠦᠭᠦᠳ ᠬᠤᠲᠠ ᠪᠠᠯᠭᠠᠰᠤᠨ ᠤ ᠤᠰᠤ ᠲᠠᠲᠠᠷᠠᠭᠤᠯᠬᠤ ᠪᠡᠯᠡᠳᠬᠡᠮᠵᠢ ᠳᠤ ᠪᠣᠬᠢᠷ ᠤᠰᠤ ᠭᠠᠳᠠᠭᠰᠢᠯᠠᠭᠤᠯᠬᠤ | ᠭᠡᠪᠡᠯ ᠤᠰᠤ ᠲᠠᠲᠠᠷᠠᠭᠤᠯᠬᠤ ᠦᠢᠯᠡ ᠠᠵᠢᠯᠯᠠᠭ᠎ᠠ ᠡᠭᠦᠰᠦᠭᠰᠡᠨ ᠭᠠᠵᠠᠷ ᠤᠨ ᠬᠤᠲᠠ ᠪᠠᠯᠭᠠᠰᠤᠨ ᠤ ᠤᠰᠤ | ᠲᠠᠲᠠᠷᠠᠭᠤᠯᠬᠤ ᠶᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠣᠬᠢᠷ ᠤᠰᠤ ᠲᠠᠲᠠᠷᠠᠭᠤᠯᠬᠤ ᠬᠤᠭᠤᠯᠠᠶ ᠶᠢᠨ | ᠲᠣᠤᠷ ᠲᠤ ᠪᠣᠬᠢᠷ ᠤᠰᠤ ᠭᠠᠳᠠᠭᠰᠢᠯᠠᠭᠤᠯᠬᠤ ᠵᠥᠪᠰᠢᠶᠡᠷᠡᠯ ᠠᠪᠬᠤ ᠬᠡᠷᠡᠭᠲᠡᠶ᠃ ᠬᠤᠲᠠ ᠪᠠᠯᠭᠠᠰᠤᠨ ᠳᠤ ᠤᠰᠤ | ᠲᠠᠲᠠᠷᠠᠭᠤᠯᠬᠤ ᠪᠡᠯᠡᠳᠬᠡᠮᠵᠢ ᠳᠤ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠶᠢ ᠭᠠᠳᠠᠭᠰᠢᠯᠠᠭᠤᠯᠬᠤ ᠭᠡᠪᠡᠯ | ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠤᠷᠢᠳᠴᠢᠯᠠᠨ | ᠰᠢᠢᠳᠪᠦᠷᠢᠯᠡᠵᠦ᠂ ᠬᠤᠲᠠ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢᠨ ᠰᠢᠢᠳᠪᠦᠷᠢᠯᠡᠬᠦ | ᠮᠡᠷᠭᠡᠵᠢᠯ ᠤᠨ ᠱᠠᠭᠠᠷᠳᠠᠯᠭ᠎ᠠ ᠳᠤ ᠬᠦᠷᠪᠡᠰᠦ ᠭᠠᠳᠠᠭᠰᠢᠯᠠᠭᠤᠯᠵᠤ ᠪᠣᠯᠤᠨ᠎ᠠ᠃ | ︵ᠲᠦᠷᠪᠡ︶ ᠪᠣᠬᠢᠷ ᠤᠰᠤ ᠰᠢᠢᠳᠪᠦᠷᠢᠯᠡᠬᠦ ᠬᠤᠯᠪᠣᠭᠳᠠᠯ ᠪᠦᠬᠦᠢ ᠱᠠᠭᠠᠷᠳᠠᠯᠭ᠎ᠠ ᠶᠢᠨ ᠲᠤᠬᠠᠢ᠃ ︽ | ᠠᠷᠭ᠎ᠠ︾ ᠳᠤ ᠬᠤᠲᠠ ᠪᠠᠯᠭᠠᠰᠤᠨ ᠤ ᠤᠰᠤ ᠲᠠᠲᠠᠷᠠᠭᠤᠯᠬᠤ ᠶᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ | ᠠᠰᠢᠭᠯᠠᠮᠵᠢ ᠪᠠᠷ ᠰᠦᠢᠳᠭᠡᠯ ᠬᠤᠷᠢᠶᠠᠬᠤ ᠡᠵᠡᠩᠨᠡᠨ ᠠᠵᠢᠯᠯᠠᠭᠤᠯᠬᠤ ᠬᠡᠪ ᠵᠠᠭᠪᠤᠷ ᠢ ᠬᠡᠷᠡᠭᠵᠢᠭᠦᠯᠵᠦ᠂ ᠬᠤᠲᠠ | ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢ ᠬᠠᠮᠠᠭᠠᠯᠠᠨ ᠡᠵᠡᠩᠨᠡᠬᠦ ᠨᠢᠭᠡᠴᠢ ᠨᠦᠭᠦᠳ ᠢ | ᠵᠣᠷᠢᠭᠵᠢᠭᠤᠯᠵᠤ ᠪᠠᠶᠢᠭᠠᠳ ᠳᠡᠭᠡᠳᠦ ᠤᠷᠤᠰᠬᠠᠯ ᠤᠨ ᠦᠢᠯᠡᠳᠪᠦᠷᠢᠯᠡᠯ ᠤᠨ ᠠᠵᠤ ᠠᠬᠤᠶᠢᠯᠠᠯ ᠤᠨ ᠵᠠᠳᠠᠷᠠᠬᠤᠶᠢᠴᠠ | ᠴᠢᠨᠠᠷ ᠢᠶᠠᠷ ᠴᠢᠩᠭ᠎ᠠ ᠪᠦᠬᠦᠢ ᠪᠣᠬᠢᠷ ᠤᠰᠤ ᠶᠢ ᠳᠣᠤᠷᠠᠳᠤ ᠤᠷᠤᠰᠬᠠᠯ ᠤᠨ ᠪᠣᠬᠢᠷ ᠤᠰᠤ ᠰᠢᠢᠳᠪᠦᠷᠢᠯᠡᠬᠦ | ᠦᠢᠯᠡᠳᠪᠦᠷᠢ ᠶᠢᠨ ᠨᠡᠭᠦᠷᠡᠰᠦᠲᠥ᠋ᠷᠥᠭᠴᠢ ᠬᠤᠷᠠᠭᠤᠯᠬᠤ ᠶᠢᠨ ᠡᠭᠦᠰᠪᠦᠷᠢ ᠪᠣᠯᠭᠠᠵᠤ ᠨᠥᠬᠦᠪᠦᠷᠢᠯᠡᠬᠦ ᠪᠠᠷ ᠱᠠᠭᠠᠷᠳᠠᠪᠠ᠃ | ᠡᠬᠢ ᠪᠠᠶᠠᠯᠢᠭ ᠢᠯᠴᠢ ᠶᠢᠨ ᠴᠠᠬᠢᠯᠭᠠᠨ ᠤ ᠦᠢᠯᠡᠳᠪᠦᠷᠢ᠂ ᠱᠦᠢᠨᠢ ᠶᠢᠨ ᠦᠢᠯᠡᠳᠪᠦᠷᠢ᠂ ᠨᠡᠭᠦᠷᠡᠰᠦ ᠰᠢᠲᠠᠭᠠᠬᠤ | ᠴᠠᠬᠢᠯᠭᠠᠨ ᠤ ᠦᠢᠯᠡᠳᠪᠦᠷᠢ ᠪᠠᠶᠢᠭ᠎ᠠ ᠭᠠᠵᠠᠷ ᠤᠨ ᠢᠶᠠᠨ ᠪᠣᠬᠢᠷ ᠰᠢᠪᠠᠷ ᠢ ᠰᠢᠢᠳᠪᠦᠷᠢᠯᠡᠬᠦ ᠬᠡᠷᠡᠭᠴᠡᠭᠡ ᠶᠢ | ᠦᠨᠳᠦᠰᠦᠯᠡᠨ᠂ ᠪᠣᠬᠢᠷ ᠰᠢᠪᠠᠷ ᠢ ᠰᠢᠲᠠᠭᠠᠵᠤ ᠰᠢᠢᠳᠪᠦᠷᠢᠯᠡᠬᠦ ᠪᠡᠯᠡᠳᠬᠡᠮᠵᠢ ᠲᠣᠬᠢᠷᠠᠭᠤᠯᠵᠤ᠂ ᠪᠣᠬᠢᠷ ᠰᠢᠪᠠᠷ ᠢ | ᠬᠠᠮᠵᠢᠯᠴᠠᠨ ᠰᠢᠲᠠᠭᠠᠵᠤ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠨᠢ ᠵᠣᠷᠢᠭᠵᠢᠭᠤᠯᠤᠨ᠎ᠠ᠃ ᠤᠰᠤᠨ ᠤ | ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠳᠡᠭᠢᠯᠳᠡ ᠤᠰᠤ ᠶᠢ ᠲᠤᠰ | ᠵᠠᠰᠠᠭ ᠵᠠᠬᠢᠷᠭᠠᠨ ᠤ ᠣᠷᠣᠨ ᠤ ᠪᠠᠨ ᠤᠰᠤᠨ ᠤ ᠡᠬᠢ ᠪᠠᠶᠠᠯᠢᠭ ᠤᠨ ᠨᠢᠭᠡᠳᠦᠯᠲᠡᠶ ᠲᠣᠬᠢᠷᠠᠭᠤᠯᠤᠯᠲᠠ ᠳᠤ | ᠣᠷᠣᠭᠤᠯᠵᠤ᠂ ᠳᠡᠭᠢᠯᠳᠡ ᠤᠰᠤᠨ ᠤ ᠠᠰᠢᠭᠯᠠᠮᠵᠢ ᠶᠢ ᠠᠬᠢᠭᠤᠯᠬᠤ ᠶᠢ ᠱᠠᠭᠠᠷᠳᠠᠪᠠ᠃ | ︵ᠲᠠᠪᠤ︶ ᠪᠡᠯᠡᠳᠬᠡᠮᠵᠢ ᠶᠢ ᠬᠠᠮᠠᠭᠠᠯᠠᠵᠤ ᠬᠠᠮᠢᠶᠠᠷᠬᠤ ᠱᠠᠭᠠᠷᠳᠠᠯᠭ᠎ᠠ ᠶᠢᠨ ᠲᠤᠬᠠᠢ᠃ ︽ᠠᠷᠭ᠎ᠠ︾ ᠳᠤ | ᠬᠤᠲᠠ ᠪᠠᠯᠭᠠᠰᠤᠨ ᠤ ᠤᠰᠤ ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢ ᠬᠠᠮᠠᠭᠠᠯᠠᠬᠤ ᠭᠤᠤᠯ | ᠴᠣᠭᠴᠠ᠂ ᠵᠠᠭᠠᠭ ᠬᠢᠵᠠᠭᠠᠷ᠂ ᠠᠵᠢᠯᠯᠠᠭᠤᠯᠤᠨ ᠬᠠᠮᠠᠭᠠᠯᠠᠬᠤ ᠠᠭᠤᠯᠭ᠎ᠠ ᠪᠠ ᠱᠠᠭᠠᠷᠳᠠᠯᠭ᠎ᠠ ᠶᠢ ᠲᠣᠳᠣᠷᠬᠠᠶᠢᠯᠠᠪᠠ᠃ | ᠬᠤᠲᠠ ᠪᠠᠯᠭᠠᠰᠤᠨ ᠤ ᠤᠰᠤ ᠲᠠᠲᠠᠷᠠᠭᠤᠯᠬᠤ ᠶᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠯᠪᠣᠭᠳᠠᠯ | ᠪᠦᠬᠦᠢ ᠰᠠᠯᠠᠭ᠎ᠠ ᠮᠥᠴᠢᠷ ᠯᠦᠭᠡ ᠬᠠᠮᠲᠤᠷᠠᠨ ᠬᠤᠲᠠ ᠪᠠᠯᠭᠠᠰᠤᠨ ᠤ ᠤᠰᠤ ᠲᠠᠲᠠᠷᠠᠭᠤᠯᠬᠤ ᠪᠡᠯᠡᠳᠬᠡᠮᠵᠢ ᠶᠢᠨ | ᠲᠤᠰᠬᠠᠶᠢᠵᠢᠭᠰᠠᠨ ᠠᠵᠢᠯᠯᠠᠭᠠᠨ ᠢ ᠬᠠᠮᠠᠭᠠᠯᠠᠬᠤ ᠲᠣᠭᠲᠠᠴᠠ ᠶᠢ ᠪᠠᠶᠢᠭᠤᠯᠵᠤ᠂ ᠪᠣᠬᠢᠷ ᠤᠰᠤ ᠰᠢᠢᠳᠪᠦᠷᠢᠯᠡᠬᠦ | ᠦᠢᠯᠡᠳᠪᠦᠷᠢ᠂ ᠬᠤᠭᠤᠯᠠᠶ ᠶᠢᠨ ᠲᠣᠤᠷ᠂ ᠬᠥᠭᠡᠷᠭᠡ ᠶᠢᠨ ᠥᠷᠲᠡᠭᠡ᠂ ᠲᠣᠬᠢᠷᠠᠭᠤᠯᠤᠨ ᠬᠠᠳᠠᠭᠠᠯᠠᠬᠤ ᠴᠥᠭᠦᠷᠥᠮ ᠤᠨ | ᠬᠤᠯᠪᠣᠭᠠᠯᠠᠭᠰᠠᠨ ᠬᠠᠮᠠᠭᠠᠯᠠᠯᠲᠠ ᠶᠢ ᠬᠡᠷᠡᠭᠵᠢᠭᠦᠯᠵᠦ᠂ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ᠂ | ᠲᠤᠰᠬᠠᠶᠢᠵᠢᠭᠰᠠᠨ ᠠᠵᠢᠯᠯᠠᠭᠠᠨ ᠤ ᠬᠠᠮᠠᠭᠠᠯᠠᠯᠲᠠ ᠬᠡᠷᠡᠭᠵᠢᠭᠦᠯᠬᠦ ᠶᠢ ᠵᠣᠷᠢᠭᠵᠢᠭᠤᠯᠵᠤ᠂ ᠪᠣᠬᠢᠷ ᠤᠰᠤ ᠬᠤᠷᠢᠶᠠᠨ | ᠴᠤᠭᠯᠠᠭᠤᠯᠵᠤ ᠰᠢᠢᠳᠪᠦᠷᠢᠯᠡᠬᠦ ᠪᠡᠯᠡᠳᠬᠡᠮᠵᠢ ᠶᠢᠨ ᠰᠢᠰᠲ᠋ᠧᠮᠲᠦ ᠴᠢᠨᠠᠷ ᠪᠠ ᠪᠦᠷᠢᠨ ᠪᠦᠲᠦᠨ ᠴᠢᠨᠠᠷ ᠢ ᠪᠠᠲᠤᠯᠠᠬᠤ ᠶᠢ | ᠱᠠᠭᠠᠷᠳᠠᠪᠠ᠃ | ︵ᠵᠢᠷᠭᠤᠭ᠎ᠠ︶ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠲᠤᠬᠠᠢ᠃ ︽ᠠᠷᠭ᠎ᠠ︾ ᠳᠤ ᠢᠲᠡᠭᠡᠮᠵᠢ ᠶᠢᠨ | ᠬᠢᠨᠠᠯᠲᠠ ᠬᠠᠮᠢᠶᠠᠷᠤᠯᠲᠠ ᠶᠢ ᠴᠢᠬᠤᠯᠠᠴᠢᠯᠠᠵᠤ᠂ ᠤᠰᠤ ᠲᠠᠲᠠᠷᠠᠭᠤᠯᠬᠤ ᠡᠷᠦᠬᠡ᠂ ᠬᠤᠲᠠ ᠪᠠᠯᠭᠠᠰᠤᠨ ᠤ ᠤᠰᠤ | ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢ ᠬᠠᠮᠠᠭᠠᠯᠠᠨ ᠡᠵᠡᠩᠨᠡᠬᠦ ᠨᠢᠭᠡᠴᠢ ᠵᠡᠷᠭᠡ ᠬᠢᠨᠠᠯᠲᠠ | ᠬᠠᠮᠢᠶᠠᠷᠤᠯᠲᠠ ᠶᠢᠨ ᠡᠲᠡᠭᠡᠳ ᠲᠤ ᠢᠲᠡᠭᠡᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠢᠲᠡᠭᠡᠮᠵᠢ ᠲᠠᠢ | ᠪᠠᠶᠢᠬᠤ ᠶᠢ ᠨᠢ ᠤᠷᠮᠠᠰᠢᠭᠤᠯᠬᠤ᠂ ᠢᠲᠡᠭᠡᠮᠵᠢ ᠠᠯᠳᠠᠭᠰᠠᠳ ᠢ ᠨᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ | ᠬᠠᠤᠯᠢ ᠶᠣᠰᠣᠭᠠᠷ ᠠᠪᠬᠤ ᠶᠢ ᠴᠢᠬᠤᠯᠠᠴᠢᠯᠠᠪᠠ᠃ ᠶᠠᠮᠠᠷᠪᠠ ᠨᠢᠭᠡᠴᠢ ᠪᠠ ᠬᠤᠪᠢ ᠬᠥᠮᠦᠨ ᠭᠡᠳ ᠲᠣᠰ ᠠᠷᠭ᠎ᠠ ᠶᠢ | ᠵᠥᠷᠢᠴᠡᠭᠰᠡᠨ ᠦᠢᠯᠡ ᠠᠵᠢᠯᠯᠠᠭ᠎ᠠ ᠶᠢ ᠵᠠᠭᠠᠯᠳᠤᠬᠤ ᠪᠠ ᠢᠯᠡᠴᠢᠯᠡᠨ ᠮᠡᠳᠡᠭᠦᠯᠬᠦ ᠡᠷᠬᠡ ᠲᠠᠢ ᠪᠠᠶᠢᠵᠤ᠂ ᠬᠤᠲᠠ | ᠪᠠᠯᠭᠠᠰᠤᠨ ᠤ ᠤᠰᠤ ᠲᠠᠲᠠᠷᠠᠭᠤᠯᠬᠤ ᠶᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠠᠭᠠᠯᠳᠤᠵᠤ ᠢᠯᠡᠴᠢᠯᠡᠨ | ᠮᠡᠳᠡᠭᠦᠯᠬᠦ ᠲᠣᠭᠲᠠᠴᠠ ᠪᠠᠨ ᠪᠦᠷᠢᠨᠰᠢᠬᠦᠯᠵᠦ᠂ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠮᠠᠶ᠋ᠢᠭ ᠢᠶᠠᠨ | ᠨᠡᠶᠢᠲᠡᠯᠡᠬᠦ ᠶᠢᠨ ᠬᠠᠮᠲᠤ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢ ᠲᠣᠭᠲᠠᠭᠠᠪᠠ᠃ |