1 ᠰᠠᠷ᠎ᠠ ᠶᠢᠨ 22 ᠤᠨ ᠡᠳᠦᠷ᠂ ᠬᠥᠨᠳᠡᠯᠡᠨ ᠲᠣᠭᠤᠷᠢᠭ ᠤᠨ 2025 ᠣᠨ ᠤ ᠴᠠᠭᠠᠨ ᠰᠠᠷ᠎ᠠ ᠶᠢ ᠤᠭᠲᠤᠬᠤ | ᠤᠷᠠᠨ ᠪᠢᠴᠢᠯᠭᠡ ᠤᠷᠠᠨ ᠵᠢᠷᠤᠭ ᠤᠨ ᠴᠤᠬᠯᠠᠭᠠᠨ ᠬᠥᠨᠳᠡᠯᠡᠨ ᠲᠣᠭᠤᠷᠢᠭ ᠤᠨ ᠨᠠᠮ ᠵᠠᠰᠠᠭ ᠤᠨ ᠠᠰᠠᠷ ᠤᠨ 1 | ᠳ᠋ᠤᠬᠡᠷ ᠠᠰᠠᠷ ᠤᠨ 6 ᠳ᠋ᠤᠭᠠᠷ ᠳᠠᠪᠬᠤᠷᠯᠢᠭ ᠤᠨ ᠬᠤᠷᠠᠯ ᠤᠨ ᠭᠡᠷ ᠲᠤ ᠶᠠᠪᠤᠭᠳᠠᠪᠠ᠃ | | ᠲᠣᠰ ᠤᠳᠠᠭᠠᠨ ᠤ ᠠᠵᠢᠯᠯᠠᠭ᠎ᠠ ᠶᠢ ᠬᠥᠨᠳᠡᠯᠡᠨ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ | ᠲᠣᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠠᠴᠠ ᠭᠤᠤᠯᠯᠠᠨ ᠡᠷᠭᠢᠯᠡᠵᠦ᠂ ᠲᠣᠭᠤᠷᠢᠭ ᠤᠨ ᠤᠷᠠᠨ | ᠪᠢᠴᠢᠯᠭᠡᠲᠡᠨ ᠤ ᠡᠪᠯᠡᠯ᠂ ᠲᠣᠭᠤᠷᠢᠭ ᠤᠨ ᠤᠷᠠᠨ ᠵᠢᠷᠤᠭᠴᠢᠳ ᠤᠨ ᠡᠪᠯᠡᠯ᠂ ᠲᠣᠭᠤᠷᠢᠭ ᠤᠨ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠲᠥᠪ ᠠᠴᠠ ᠳᠠᠭᠠᠭᠠᠴᠢᠯᠠᠨ ᠡᠷᠭᠢᠯᠡᠪᠡ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠷᠠᠨ ᠪᠢᠴᠢᠯᠭᠡ ᠤᠷᠠᠨ ᠵᠢᠷᠤᠭ ᠤᠨ 12 ᠨᠡᠷᠡᠳᠤ ᠵᠣᠬᠢᠶᠠᠯᠴᠢ | ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠢᠷ ᠪᠦᠵᠢᠭᠯᠡᠬᠦᠯᠦᠨ ᠪᠡᠬᠡᠰ ᠰᠠᠴᠤᠵᠤ ᠦᠪᠡᠷ ᠦᠪᠡᠷ ᠤᠨ ᠤᠷ᠎ᠠ ᠡᠷᠳᠡᠮ | ᠢᠶᠠᠨ ᠭᠠᠶᠢᠬᠠᠭᠤᠯᠤᠨ᠎ᠠ᠃ ᠤᠷᠠᠨ ᠪᠢᠴᠢᠯᠭᠡᠲᠡᠳ ᠤᠨ ᠵᠢᠷᠤᠯᠭ᠎ᠠ ᠨᠢ ᠯᠤᠤ ᠮᠡᠳᠦ ᠠᠮᠢᠳᠤ ᠲᠦᠷᠰᠦᠯᠢᠭ ᠬᠠᠷᠠᠬᠳᠠᠵᠤ᠂ | ︽ᠪᠤᠶᠠᠨ︾᠂ ︽ᠬᠤᠤᠰ ᠤᠶᠠᠩᠭ᠎ᠠ︾ ᠵᠡᠷᠭᠡ ᠤᠷᠠᠨ ᠪᠦᠲᠦᠭᠡᠯ ᠤᠳ ᠨᠢ ᠨᠢᠭᠡ ᠯᠡ ᠠᠮᠢᠰᠬᠤᠭ᠎ᠠ ᠪᠠᠷ | ᠪᠦᠲᠦᠭᠡᠭᠳᠡᠭᠰᠡᠨ ᠪᠦᠬᠡᠳ ᠲᠥᠪ ᠶᠡᠬᠡᠮᠰᠦᠭ᠂ ᠡᠰᠡᠬᠦᠯ᠎ᠡ ᠳᠡᠭᠵᠢᠨ ᠴᠣᠪᠣᠭᠤᠯᠢᠭ ᠢᠶᠠᠷ ᠢᠶᠠᠨ ᠰᠢᠨ᠎ᠡ ᠵᠢᠯ ᠤᠨ ᠰᠠᠶᠢᠨ | ᠰᠠᠶᠢᠬᠠᠨ ᠬᠦᠰᠡᠯ ᠡᠷᠡᠮᠡᠯᠵᠡᠯ ᠢ ᠵᠢᠷᠤᠯᠭ᠎ᠠ ᠪᠦᠬᠦᠨ ᠳᠤ ᠠᠭᠤᠰᠬᠠᠭᠰᠠᠨ ᠪᠠᠶᠢᠳᠠᠭ᠃ | | ᠳᠤᠮᠳᠠᠳᠤ ᠤᠯᠤᠰ ᠤᠨ ᠤᠷᠠᠨ ᠵᠢᠷᠤᠭᠴᠢᠳ ᠤᠨ ᠡᠪᠯᠡᠯ ᠤᠨ ᠭᠡᠰᠢᠭᠦᠨ ᠰᠢᠤᠢ ᠱᠢ ᠬᠤᠢ᠄ ︽ᠡᠨᠡ | ᠤᠳᠠᠭ᠎ᠠ ᠶᠢᠨ ᠴᠠᠭᠠᠨ ᠰᠠᠷ᠎ᠠ ᠶᠢᠨ ᠤᠷᠠᠨ ᠪᠢᠴᠢᠯᠭᠡ ᠤᠷᠠᠨ ᠵᠢᠷᠤᠭ ᠤᠨ ᠴᠤᠬᠯᠠᠭᠠᠨ ᠤ ᠡᠩᠨᠡᠭᠡ ᠬᠦᠴᠦᠷᠬᠡᠭ ᠶᠡᠭᠡ᠂ | ᠲᠤᠰᠬᠠᠢ ᠮᠡᠷᠭᠡᠵᠢᠯ ᠤᠨ ᠴᠢᠨᠠᠷ ᠢᠶᠠᠷ ᠴᠢᠩᠭ᠎ᠠ᠂ ᠠᠭᠤᠯᠭ᠎ᠠ ᠬᠡᠯᠪᠡᠷᠢ ᠡᠯᠪᠡᠭ ᠪᠠᠶᠠᠯᠢᠭ ᠶᠤᠮ᠃ ᠵᠢᠷᠤᠭ ᠵᠢᠷᠤᠬᠤ | ᠲᠠᠯ᠎ᠠ ᠪᠠᠷ ᠬᠥᠨᠳᠡᠯᠡᠨ ᠲᠣᠭᠤᠷᠢᠭ ᠲᠠᠬᠢ ᠬᠠᠶᠢᠷ᠎ᠠ ᠰᠡᠳᠬᠢᠯᠭᠡ ᠪᠠᠨ ᠢᠯᠡᠷᠡᠭᠦᠯᠵᠦ᠂ ᠪᠠᠰᠠ ᠬᠥᠨᠳᠡᠯᠡᠨ | ᠲᠣᠭᠤᠷᠢᠭ ᠤᠨ ᠰᠣᠶᠣᠯ ᠤᠨ ᠬᠥᠭᠵᠢᠯᠲᠡ ᠳᠤ ᠪᠢᠳᠡᠨ ᠤ ᠬᠦᠴᠦᠨ ᠴᠢᠳᠠᠯ ᠢᠶᠠᠨ ᠡᠷᠭᠦᠪᠡ︾ ᠭᠡᠵᠤ ᠢᠯᠡᠷᠬᠡᠶᠢᠯᠡᠪᠡ᠃ | | ᠤᠷᠠᠨ ᠵᠢᠷᠤᠭᠴᠢᠳ ᠬᠤᠷᠴᠠ ᠤᠯᠠᠭᠠᠨ ᠪᠢᠷ ᠢᠶᠠᠷ ᠭᠤᠶᠢᠳᠠ ᠰᠠᠶᠢᠬᠠᠨ ᠵᠢᠷᠤᠭ ᠤᠳ ᠢᠶᠠᠨ ᠵᠢᠷᠤᠵᠠᠭᠠᠨᠠ᠂ | ᠴᠡᠴᠡᠭ ᠰᠢᠪᠠᠭᠤ ᠵᠢᠭᠠᠰᠤ ᠬᠤᠷᠣᠬᠠᠶ ᠨᠢ ᠮᠠᠰᠢ ᠠᠮᠢᠳᠤᠯᠢᠭ᠂ ᠠᠭᠤᠯᠠ ᠤᠰᠤᠨ ᠤ ᠥᠩᠭᠡ ᠦᠵᠡᠮᠵᠢ ᠰᠦᠷᠯᠢᠭ | ᠰᠠᠶᠢᠬᠠᠨ ᠪᠠᠶᠢᠵᠤ ᠴᠠᠭᠠᠨ ᠰᠠᠷ᠎ᠠ ᠳᠤ ᠠᠮᠢᠳᠤᠯᠢᠭ ᠰᠠᠶᠢᠬᠠᠨ ᠤᠷᠠᠯᠢᠭ ᠤᠨ ᠥᠩᠭᠡ ᠪᠤᠳᠤᠭ ᠨᠡᠮᠡᠷᠢᠯᠡᠭᠰᠡᠨ ᠶᠤᠮ᠃ | ᠬᠥᠨᠳᠡᠯᠡᠨ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠸᠧᠢ ᠬᠤᠩ | ᠶᠠᠨ᠄ ︽ᠴᠠᠭᠠᠨ ᠰᠠᠷ᠎ᠠ ᠶᠢ ᠤᠭᠲᠤᠬᠤ ᠤᠷᠠᠨ ᠪᠢᠴᠢᠯᠭᠡ ᠤᠷᠠᠨ ᠵᠢᠷᠤᠭ ᠤᠨ ᠵᠤᠬᠢᠶᠠᠨ ᠪᠦᠳᠦᠬᠡᠯᠬᠡ ᠶᠢᠨ | ᠠᠵᠢᠯᠯᠠᠭ᠎ᠠ ᠨᠢ ᠬᠥᠨᠳᠡᠯᠡᠨ ᠲᠣᠭᠤᠷᠢᠭ ᠤᠨ ᠥᠷᠭᠡᠨ ᠤᠯᠠᠨ ᠺᠠᠳ᠋ᠷ ᠠᠵᠢᠯᠳᠠᠨ ᠳᠤ ᠰᠣᠶᠣᠯ ᠤᠨ ᠦᠨᠦᠷ ᠠᠮᠲᠠ ᠪᠠ | ᠬᠦᠰᠡᠯ ᠵᠥᠩᠨᠡᠯ ᠢᠶᠠᠷ ᠪᠢᠯᠬᠠᠭᠰᠠᠨ ᠴᠠᠭᠠᠨ ᠰᠠᠷ᠎ᠠ ᠶᠢᠨ ᠬᠦᠨᠳᠦ ᠪᠡᠯᠡᠭ ᠬᠦᠷᠭᠡᠭᠰᠡᠨ ᠢᠶᠠᠷ ᠪᠠᠷᠠᠬᠤ ᠦᠭᠡᠢ | ᠰᠣᠶᠣᠯ ᠤᠨ ᠦᠷ᠎ᠡ ᠶᠢ ᠦᠷᠬᠡᠨ ᠢᠶᠠᠷ ᠰᠠᠴᠤᠵᠠᠢ᠃ ᠬᠤᠶᠢᠰᠢᠳᠠ᠂ ᠪᠢᠳᠡ ᠦᠷᠭᠦᠯᠵᠢᠯᠡᠨ ᠲᠣᠰ ᠪᠡᠶ᠎ᠡ ᠶᠢᠨ | ᠳᠠᠪᠠᠭᠤᠯᠢᠭ ᠢᠶᠠᠨ ᠪᠠᠳᠠᠷᠠᠭᠤᠯᠵᠤ᠂ ︿ᠤᠮᠠᠷᠠᠲᠤ ᠬᠢᠯᠢ ᠶᠢᠨ ᠰᠣᠶᠣᠯ﹀ ᠤᠨ ᠡᠬᠢ ᠪᠠᠶᠠᠯᠢᠭ ᠢ ᠭᠦᠨᠵᠡᠭᠡᠶ | ᠠᠭᠤᠳᠠᠯᠵᠤ᠂ ᠰᠣᠶᠣᠯ ᠤᠨ ᠢᠯᠡᠷᠡᠭᠦᠯᠬᠦ ᠬᠡᠯᠪᠡᠷᠢ ᠶᠢᠨ ᠰᠢᠨ᠎ᠡ ᠶᠢ ᠡᠭᠦᠳᠴᠦ᠂ ᠬᠥᠨᠳᠡᠯᠡᠨ ᠲᠣᠭᠤᠷᠢᠭ ᠤᠨ | ᠰᠣᠶᠣᠯ ᠤᠨ ᠦᠶᠯᠡᠰ ᠤᠨ ᠬᠥᠭᠵᠢᠯ ᠴᠡᠴᠡᠭᠯᠡᠯ ᠢ ᠠᠬᠢᠭᠤᠯᠬᠤ᠂ ᠰᠣᠶᠣᠯ ᠤᠨ ᠥᠨᠳᠦᠷᠯᠢᠭ ᠢ ᠴᠤᠬᠴᠠᠯᠠᠬᠤ ᠶᠢ | ᠠᠬᠢᠭᠤᠯᠬᠤ ᠳᠤ ᠨᠠᠩ ᠶᠡᠭᠡ ᠬᠦᠴᠦᠨ ᠴᠢᠳᠠᠯ ᠢᠶᠠᠨ ᠡᠷᠭᠦᠨ᠎ᠡ︾ ᠭᠡᠪᠡ᠃ ︵ᠰᠤᠷᠪᠤᠯᠵᠢᠯᠠᠭᠴᠢ᠄ ᠹᠠᠨ ᠷᠦᠢ ᠴᠢᠩ | ᠭᠦᠸᠧ ᠪᠢᠩ ᠰᠢᠨ︶ |