1 ᠰᠠᠷ᠎ᠠ ᠶᠢᠨ 23 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠬᠤ᠋ ᠴᠢᠶᠠᠩ ᠱᠦᠵᠢ ᠶᠢᠨ | ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠲᠤᠭᠤᠷᠢᠭ ᠤᠨ ᠭᠤᠤᠯᠳᠠᠯᠭ᠎ᠠ ᠲᠠᠢ ᠲᠥᠷᠥᠯ ᠵᠦᠶᠯ ᠤᠨ | ᠪᠥᠲᠥᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠰᠠᠨ ᠠᠵᠢᠯ ᠤᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ᠃ | ᠲᠤᠭᠤᠷᠢᠭ ᠤᠨ ᠤᠳᠤᠷᠢᠳᠤᠯᠭ᠎ᠠ ᠢᠦᠢ ᠵᠠᠨ ᠵᠢᠶᠠᠩ᠂ ᠸᠠᠩ ᠸᠧᠢ᠂ ᠰᠤ᠋ ᠵᠢᠶᠦ᠋ᠨ᠂ ᠵᠧᠦ ᠬᠠᠢ ᠹᠸᠢ | ᠬᠤᠷᠠᠯ ᠳᠤ ᠣᠷᠣᠯᠴᠠᠪᠠ᠃ | ᠬᠤ᠋ ᠴᠢᠶᠠᠩ᠂ ᠠᠷᠠᠯᠵᠢᠶᠠᠴᠢᠨ ᠤᠷᠢᠬᠤ ᠶᠢ ᠶᠡᠭᠡ ᠪᠠᠷ ᠠᠳᠬᠤᠬᠤ᠂ ᠲᠦᠷᠦᠯ ᠵᠦᠢᠯ ᠢ ᠶᠡᠭᠡ ᠪᠠᠷ ᠠᠳᠬᠤᠬᠤ | ᠢᠯᠡ ᠲᠣᠳᠣ ᠤᠳᠤᠷᠢᠳᠤᠮᠵᠢ ᠶᠢ ᠤᠯᠠᠮ ᠴᠢᠨᠠᠭᠰᠢᠳᠠ ᠪᠠᠲᠤ ᠪᠤᠢ ᠪᠣᠯᠭᠠᠵᠤ᠂ ᠳᠠᠭᠠᠭᠠᠴᠢᠯᠠᠨ ᠬᠠᠷᠢᠯᠴᠠᠬᠤ | ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠪᠠᠨ | ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠦᠢᠯᠡᠴᠢᠯᠡᠵᠦ᠂ ᠲᠦᠷᠦᠯ ᠵᠦᠢᠯ ᠤᠨ ᠪᠦᠳᠦᠬᠡᠨ | ᠪᠠᠶᠢᠭᠤᠯᠤᠯᠳᠠ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ | ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃ ᠳᠡᠭᠡᠳᠦ | ᠱᠠᠲᠤᠨ ᠤ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠭᠦᠨᠵᠡᠭᠡᠶ ᠰᠤᠷᠤᠯᠴᠠᠨ ᠰᠤᠳᠤᠯᠵᠤ᠂ ᠠᠵᠤ | ᠦᠶᠯᠡᠰ ᠤᠨ ᠪᠠᠶᠢᠷᠢᠰᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠨᠠᠩ ᠣᠯᠠᠨ ᠪᠠᠯᠠ ᠮᠥᠩᠭᠦ ᠲᠥᠷᠥ ᠶᠢᠨ | ᠪᠣᠳᠣᠯᠭ᠎ᠠ ᠶᠢᠨ ᠲᠤᠷᠰᠢᠯᠲᠠ ᠶᠢᠨ ᠴᠡᠭ ᠢ ᠲᠡᠮᠡᠴᠡᠨ ᠤᠯᠬᠤ ᠪᠠᠷ ᠢᠳᠡᠪᠬᠢᠲᠡᠶ ᠴᠢᠷᠮᠠᠶᠢᠬᠤ ᠬᠡᠷᠡᠭᠲᠡᠶ᠃ | ᠦᠷᠢᠰᠦᠯᠳᠦᠬᠦ ᠤᠬᠠᠮᠰᠠᠷ ᠢᠶᠠᠨ ᠴᠢᠩᠭᠠᠳᠬᠠᠵᠤ᠂ ᠦᠨᠳᠦᠰᠦᠨ ᠪᠠᠶᠢᠳᠠᠯ ᠪᠣᠯᠤᠨ ᠳᠠᠪᠠᠭᠤᠯᠢᠭ ᠢ ᠤᠯᠠᠮ ᠴᠢᠨᠠᠭᠰᠢᠳᠠ | ᠲᠣᠳᠣᠷᠬᠠᠢ ᠣᠶᠢᠯᠠᠭᠠᠵᠤ᠂ ᠭᠤᠣᠯ ᠰᠢᠪᠲᠤᠯᠬᠤ ᠴᠢᠭᠯᠡᠯ ᠢᠶᠠᠨ ᠲᠣᠳᠣᠷᠬᠠᠶᠢᠯᠠᠵᠤ᠂ ᠠᠷᠠᠯᠵᠢᠶᠠᠴᠢᠨ ᠤᠷᠢᠬᠤ ᠠᠷᠭ᠎ᠠ | ᠪᠤᠳᠤᠯᠭ᠎ᠠ ᠪᠠᠨ ᠰᠢᠯᠢᠳᠡᠭᠵᠢᠭᠦᠯᠵᠦ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ ᠥᠷᠨᠢᠯᠲᠡ ᠶᠢ ᠦᠳᠲᠡᠷ | ᠲᠦᠷᠭᠡᠨ ᠪᠤᠢ ᠪᠣᠯᠭᠠᠵᠤ᠂ ᠨᠡᠩ ᠤᠯᠠᠨ ᠰᠢᠨ᠎ᠡ ᠨᠡᠮᠡᠭᠳᠡᠯ ᠤᠨ ᠬᠡᠮᠵᠢᠶ᠎ᠡ ᠶᠢ ᠬᠦᠴᠦᠯᠡᠨ ᠪᠦᠷᠢᠯᠳᠦᠭᠦᠯᠬᠦ ᠬᠡᠷᠡᠭᠲᠡᠢ | ᠬᠡᠵᠡᠢ᠃ ︵ᠰᠤᠷᠪᠤᠯᠵᠢᠯᠠᠭᠴᠢ᠄ ᠯᠧᠢ ᠶᠤᠸᠠᠨ ᠶᠤᠸᠠᠨ ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠨᠠᠮ ᠤᠨ | ᠬᠤᠷᠢᠶᠠᠨ ᠤ ᠠᠯᠪᠠᠨ ᠬᠡᠷ︶ |