ᠬᠤ᠋ ᠴᠢᠶᠠᠩ ᠪᠠᠶᠠᠷ ᠤᠨ ᠡᠳᠦᠷ ᠠᠴᠠ ᠡᠮᠦᠨ᠎ᠡ ᠬᠠᠩᠭᠠᠯᠭ᠎ᠠ ᠶᠢ ᠪᠠᠲᠤᠯᠠᠬᠤ ᠪᠠ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/1/28
    1 ᠰᠠᠷ᠎ᠠ ᠶᠢᠨ 26 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠬᠤ᠋ ᠴᠢᠶᠠᠩ ᠰᠤ᠋ ᠨᠢᠩ ᠠᠭᠤᠳᠠᠮ ᠲᠠᠯᠠᠪᠠᠶ᠂ ᠤᠯᠤᠰ ᠤᠨ ᠡᠨᠧᠷᠭᠢ ᠶᠢᠨ ᠱᠧᠨ ᠬᠤᠸᠠ ᠬᠠᠮ ᠳᠡᠯᠭᠡᠭᠦᠷ᠂ ᠬᠠᠶ ᠲᠠᠢ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠶᠯᠡᠰ ᠤᠨ ᠬᠦᠷᠢᠶᠡᠯᠡᠩ ᠪᠣᠯᠤᠨ ᠰᠢᠨ ᠭᠠᠩ ᠶᠤᠸᠠᠨ ᠱᠦᠨ᠂ ᠬᠤᠸᠠ ᠮᠧᠩ᠂ ᠲᠢᠶᠧ ᠵᠢᠶᠧ ᠪᠠᠷᠠᠭᠠᠨ ᠤ ᠭᠦᠶᠯᠭᠡᠭᠡᠨ ᠤ ᠬᠦᠷᠢᠶᠡᠯᠡᠩ ᠳᠤ ᠬᠦᠷᠴᠦ ᠪᠠᠶᠠᠷ ᠤᠨ ᠡᠳᠦᠷ ᠤᠨ ᠡᠮᠦᠨᠡᠬᠢ ᠬᠠᠩᠭᠠᠯᠭ᠎ᠠ ᠶᠢ ᠪᠠᠲᠤᠯᠠᠬᠤ ᠪᠠ ᠠᠶᠤᠯᠭᠦᠶ ᠦᠶᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ᠃     ᠬᠤ᠋ ᠴᠢᠶᠠᠩ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠳ᠋ ᠪᠣᠳᠠᠰ ᠤᠨ ᠲᠤᠬᠢᠷᠠᠭᠤᠯᠤᠯᠳᠠ ᠪᠠᠨ ᠴᠢᠩᠭᠠᠳᠬᠠᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠶᠠᠯᠢᠭᠵᠢᠭᠤᠯᠵᠤ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠲᠠᠸᠠᠷ ᠤᠨ ᠬᠠᠩᠭᠠᠯᠭ᠎ᠠ ᠭᠦᠢᠴᠡᠳ᠂ ᠦᠨ᠎ᠡ ᠬᠠᠩᠰᠢ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠭᠦᠨᠵᠡᠭᠡᠶ ᠥᠷᠨᠢᠭᠦᠯᠵᠦ᠂ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠪᠠ ᠵᠢᠵᠢᠭᠦᠷᠯᠡᠨ ᠰᠠᠬᠢᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠥᠯᠵᠡᠶ ᠪᠡᠯᠭᠡ ᠲᠠᠢ ᠪᠠᠶᠠᠷ ᠪᠠᠶᠠᠰᠤᠯ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠬᠦᠴᠦᠯᠡᠨ ᠪᠣᠶ ᠪᠣᠯᠭᠠᠬᠤ ᠬᠡᠷᠡᠭᠲᠡᠶ ᠬᠡᠵᠡᠢ᠃ ︵ᠰᠤᠷᠪᠤᠯᠵᠢᠯᠠᠭᠴᠢ᠄ ᠯᠸᠢ ᠶᠤᠸᠠᠨ ᠶᠤᠸᠠᠨ᠂  ᠹᠧᠩ ᠰᠢᠤᠸᠠᠢ     ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号