ᠨᠦᠬᠦᠷᠯᠡᠯ ᠵᠡᠭᠡᠯᠢ ᠭᠤᠳᠤᠮᠵᠢ ᠶᠢᠨ ᠪᠠᠭᠠᠴᠤᠤᠯ 31 ᠳ᠋ᠤᠭᠡᠷ ᠨᠡᠶᠢᠭᠡᠮ ᠲᠣᠭᠤᠷᠢᠭ ᠪᠠᠶᠠᠷ ᠤᠨ ᠡᠳᠦᠷ ᠠᠴᠠ ᠡᠮᠦᠨᠡᠬᠢ ᠠᠶᠤᠯᠭᠦᠶ ᠦᠶᠯᠡᠳᠪᠦᠷᠢᠯᠡᠯ ᠤᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2025/1/29
    ᠨᠦᠬᠦᠷᠯᠡᠯ ᠵᠡᠭᠡᠯᠢ ᠭᠤᠳᠤᠮᠵᠢ ᠶᠢᠨ ᠪᠠᠭᠠᠴᠤᠤᠯ 31 ᠳ᠋ᠤᠭᠡᠷ ᠨᠡᠶᠢᠭᠡᠮ ᠲᠣᠭᠤᠷᠢᠭ ᠤᠨ ᠲᠤᠤᠷᠵᠢᠭᠤᠯᠤᠬᠰᠠᠨ ᠬᠠᠮᠢᠶᠠᠷᠤᠯᠳᠠ ᠶᠢᠨ ᠠᠵᠢᠯᠲᠠᠨ ᠬᠦᠴᠦᠨ ᠢᠶᠠᠨ ᠲᠥᠪᠯᠡᠷᠡᠭᠦᠯᠦᠨ ᠪᠠᠶᠠᠷ ᠤᠨ ᠡᠳᠦᠷ ᠠᠴᠠ ᠡᠮᠦᠨᠡᠬᠢ ᠠᠶᠤᠯᠭᠦᠶ ᠦᠶᠯᠡᠳᠪᠦᠷᠢᠯᠡᠯ ᠤᠨ ᠪᠠᠶᠢᠴᠠᠭᠠᠯᠲᠠ ᠥᠷᠨᠢᠭᠦᠯᠪᠡ᠃ ᠪᠠᠶᠢᠴᠠᠭᠠᠬᠤ ᠶᠠᠪᠤᠴᠠ ᠳᠤ᠂ ᠨᠡᠶᠢᠭᠡᠮ ᠲᠣᠭᠤᠷᠢᠭ ᠤᠨ  ᠲᠤᠤᠷᠵᠢᠭᠤᠯᠤᠬᠰᠠᠨ ᠬᠠᠮᠢᠶᠠᠷᠤᠯᠳᠠ ᠶᠢᠨ ᠠᠵᠢᠯᠲᠠᠨ ᠬᠠᠷᠢᠶ᠎ᠠ ᠣᠷᠣᠨ ᠤ ᠪᠠᠨ ᠬᠤᠳᠠᠯᠳᠤᠭᠠᠨ ᠤ ᠬᠠᠮ ᠳᠡᠯᠭᠡᠭᠦᠷ᠂ ᠡᠮ ᠤᠨ ᠳᠡᠯᠭᠡᠭᠦᠷ᠂ ᠲᠦᠷᠭᠡᠨ ᠬᠦᠷᠭᠡᠯᠲᠡ ᠶᠢᠨ ᠥᠷᠲᠡᠭᠡ ᠴᠡᠭ᠂ ᠬᠤᠭᠤᠯᠠᠨ ᠬᠡᠷ᠂ ᠮᠠᠰᠢᠨ ᠲᠡᠷᠭᠡ ᠰᠡᠯᠪᠢᠨ ᠵᠠᠰᠠᠬᠤ ᠭᠠᠵᠠᠷ ᠵᠡᠷᠭᠡ ᠳᠤ ᠭᠦᠨᠵᠡᠭᠡᠶᠢᠷᠡᠨ ᠨᠢᠭᠡᠳ ᠨᠢᠭᠡ ᠪᠠᠷ ᠵᠢᠭᠰᠠᠭᠠᠨ ᠪᠠᠶᠢᠴᠠᠭᠠᠵᠤ᠂ ᠭᠠᠯ ᠤᠨᠲᠠᠷᠠᠭᠠᠬᠤ ᠲᠤᠨᠤᠭ ᠲᠥᠬᠦᠭᠡᠷᠦᠮᠵᠢ ᠪᠦᠷᠢᠨ ᠲᠡᠭᠦᠯᠳᠡᠷ ᠪᠠᠶᠢᠬᠤ ᠡᠰᠡᠬᠦ᠂ ᠭᠠᠯ ᠤᠨᠲᠠᠷᠠᠭᠠᠬᠤ ᠵᠠᠮ ᠰᠤᠪᠠᠭ ᠰᠠᠭᠠᠳ ᠥᠬᠡᠶ ᠪᠠᠶᠢᠬᠤ ᠡᠰᠡᠬᠦ᠂ ᠰᠢᠲᠠᠮᠠᠬᠠᠶ ᠬᠡᠶ᠂ ᠴᠠᠬᠢᠯᠭᠠᠨ ᠬᠡᠷᠡᠭᠯᠡᠬᠦ ᠲᠤᠨᠤᠭ ᠲᠥᠬᠦᠭᠡᠷᠦᠮᠵᠢ ᠵᠢᠷᠤᠮᠵᠢᠭᠤᠨ ᠪᠠᠶᠢᠬᠤ ᠡᠰᠡᠬᠦ᠂ ᠡᠯ᠎ᠡ ᠡᠵᠡᠩᠨᠡᠯᠲᠡ ᠶᠢᠨ ᠲᠠᠯᠠᠪᠤᠷ ᠭᠠᠵᠠᠷ ᠲᠤ ᠠᠮᠠᠷᠬᠠᠨ ᠰᠢᠲᠠᠵᠤ ᠠᠮᠠᠷᠬᠠᠨ ᠳᠡᠯᠪᠡᠷᠡᠬᠦ ᠪᠣᠳᠠᠰ ᠬᠠᠳᠠᠭᠠᠯᠠᠵᠤ ᠪᠠᠶᠢᠬᠤ ᠡᠰᠡᠬᠦ᠂ ᠭᠠᠯ ᠤᠨᠲᠠᠷᠠᠭᠠᠭᠤᠷ ᠪᠦᠷᠢᠨ ᠭᠦᠶᠴᠡᠳ ᠪᠠᠶᠢᠬᠤ ᠡᠰᠡᠬᠦ ᠵᠡᠷᠭᠡ ᠪᠠᠶᠢᠳᠠᠯ ᠢ ᠭᠤᠤᠯᠳᠠᠯᠭ᠎ᠠ ᠲᠠᠢ    ᠪᠠᠶᠢᠴᠠᠭᠠᠪᠠ᠃ ᠬᠥᠮᠦᠰ ᠬᠠᠷ᠎ᠠ ᠨᠢᠭᠲᠠᠷᠠᠭᠰᠠᠨ ᠢᠳᠡᠭᠡᠨ ᠤᠮᠳᠠᠭᠠᠨ ᠤ ᠳᠡᠯᠭᠡᠭᠦᠷ ᠲᠤ ᠴᠢᠭᠯᠡᠭᠦᠯᠦᠨ᠂ ᠠᠵᠢᠯᠲᠠᠳ ᠰᠢᠲᠠᠮᠠᠬᠠᠶ ᠬᠡᠶ ᠶᠢᠨ ᠲᠤᠨᠤᠭ ᠲᠥᠬᠦᠭᠡᠷᠦᠮᠵᠢ ᠶᠢᠨ ᠬᠡᠷᠡᠭᠯᠡᠯᠲᠡ ᠶᠢᠨ ᠠᠮᠤᠷ ᠲᠦᠪᠰᠢᠨ᠂ ᠲᠣᠭᠤᠭᠠᠨ ᠬᠡᠷ ᠤᠨ ᠲᠣᠰᠣᠨ ᠣᠲᠤᠭ᠎ᠠ ᠶᠢᠨ ᠬᠤᠭᠤᠯᠠᠶ ᠶᠢ ᠤᠬᠢᠶᠠᠭᠰᠠᠨ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠨ ᠦᠵᠡᠭᠰᠡᠨ ᠤ ᠬᠠᠮᠲᠤ᠂ ᠬᠤᠳᠠᠯᠳᠤᠭᠠᠨ ᠤ ᠡᠷᠦᠬᠡ ᠶᠢᠨ ᠬᠠᠷᠢᠭᠤᠴᠠᠯᠭᠠᠲᠠᠨ ᠳᠤ ᠬᠤᠳᠠᠯᠳᠤᠭᠠᠨ ᠤ ᠡᠷᠦᠬᠡ ᠶᠢᠨ ᠠᠮᠤᠷ ᠲᠦᠪᠰᠢᠨ ᠤ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠠᠮᠤᠷ ᠲᠦᠪᠰᠢᠨ ᠤ ᠬᠡᠮ ᠰᠣᠭᠤᠭ ᠢ ᠠᠷᠢᠯᠭᠠᠬᠤ ᠶᠢ ᠦᠨᠡᠨ ᠬᠦ ᠪᠠᠲᠤᠯᠠᠵᠤ᠂ ᠴᠠᠭᠠᠨ ᠰᠠᠷ᠎ᠠ ᠶᠢᠨ ︽ᠠᠮᠤᠷ ᠲᠦᠪᠰᠢᠨ ᠤ ᠪᠣᠭᠤᠮᠲᠠ︾ ᠶᠢ ᠴᠢᠩᠭ᠎ᠠ ᠰᠠᠬᠢᠬᠤ ᠬᠡᠷᠡᠭᠲᠡᠶ ᠭᠡᠵᠦ ᠰᠠᠨᠠᠭᠤᠯᠪᠠ᠃     ᠡᠭᠦᠨ ᠤ ᠬᠠᠮᠲᠤ᠂ ᠠᠵᠢᠯᠲᠠᠳ ᠪᠠᠰᠠ ᠰᠠᠭᠤᠭᠠᠯᠢ ᠠᠷᠠᠳ ᠤᠨ ᠲᠣᠭᠤᠷᠢᠭ ᠤᠨ ᠠᠮᠤᠷ ᠲᠦᠪᠰᠢᠨ ᠤ ᠵᠠᠮ  ᠰᠤᠪᠠᠭ ᠵᠢᠴᠢ ᠰᠠᠭᠤᠭᠠᠯᠢ ᠠᠷᠠᠳ ᠤᠨ ᠠᠰᠠᠷ ᠤᠨ ᠭᠤᠳᠤᠮᠵᠢ ᠳᠤ ᠨᠠᠷᠢᠨ ᠨᠢᠮᠪᠠᠶ ᠵᠢᠭᠰᠠᠭᠠᠨ ᠪᠠᠶᠢᠴᠠᠭᠠᠯᠲᠠ ᠬᠢᠵᠦ᠂ ᠢᠯᠡ ᠴᠠᠭᠢᠯᠭᠠᠨ ᠤᠳᠠᠰᠤ ᠲᠠᠳᠠᠵᠤ ᠴᠠᠬᠢᠯᠭᠠᠨ ᠬᠦᠳᠡᠯᠬᠡᠬᠦᠷᠲᠦ ᠲᠤᠭᠤᠢ ᠲᠡᠷᠭᠡ ᠪᠠᠨ ᠴᠡᠨᠡᠭᠯᠡᠬᠦ ᠠᠵᠢᠯᠯᠠᠭ᠎ᠠ ᠳᠤ ᠴᠢᠭᠯᠡᠭᠦᠯᠦᠨ᠂ ᠠᠵᠢᠯᠲᠠᠳ ᠲᠡᠷᠡ ᠳᠠᠷᠤᠶ ᠳᠤᠨᠢ ᠬᠤᠷᠢᠭᠯᠠᠨ ᠵᠣᠭᠰᠣᠭᠠᠭᠰᠠᠨ ᠪᠥᠭᠡᠳ ᠰᠠᠭᠤᠭᠠᠯᠢ ᠠᠷᠠᠳ ᠢ ᠬᠦᠯᠢᠴᠡᠩᠭᠦᠢ ᠪᠠᠷ ᠢᠳᠬᠠᠨ ᠲᠠᠶᠢᠳᠬᠤᠷᠠᠭᠤᠯᠵᠤ᠂ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠴᠠᠭᠢᠯᠭᠠᠨ ᠬᠦᠳᠡᠯᠭᠡᠭᠦᠷᠲᠦ ᠲᠡᠷᠭᠡ ᠶᠢ ᠲᠣᠭᠲᠠᠭᠰᠠᠨ ᠭᠠᠵᠠᠷ ᠲᠤ ᠵᠣᠭᠰᠣᠭᠠᠵᠤ ᠴᠠᠬᠢᠯᠭᠠᠨ ᠴᠡᠨᠡᠭᠯᠡᠭᠦᠯᠪᠡ᠃ ᠪᠠᠶᠢᠴᠠᠭᠠᠬᠤ ᠶᠠᠪᠤᠴᠠ ᠳᠤ ᠠᠵᠢᠯᠲᠠᠳ ᠪᠠᠰᠠ ᠰᠠᠭᠤᠭᠠᠯᠢ ᠠᠷᠠᠳ ᠲᠤ ᠭᠠᠯ ᠤᠨᠲᠠᠷᠠᠭᠠᠬᠤ ᠠᠮᠤᠷ ᠲᠦᠪᠰᠢᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠢᠵᠦ᠂ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠪᠡ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号