ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨ ᠵᠢᠷᠭᠤᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/3
    1 ᠰᠠᠷ᠎ᠠ ᠶᠢᠨ 2 ᠤᠨ ᠡᠳᠦᠷ᠂ ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨ ᠵᠢᠷᠭᠤᠳᠤᠭᠠᠷ       ᠤᠳᠠᠭ᠎ᠠ ᠶᠢᠨ ᠬᠤᠷᠠᠯ ᠬᠤᠷᠠᠯᠳᠤᠭᠤᠯᠪᠠ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠧᠤ ᠮᠢᠨ ᠵᠢᠶᠧ᠂ ᠳᠡᠳ᠋ ᠡᠷᠬᠢᠯᠡᠭᠴᠢ ᠬᠤ᠋ ᠰᠢᠶᠠ᠂ ᠸᠠᠩ ᠸᠧᠶ᠂ ᠯᠢᠦ ᠯᠢ ᠰᠢᠶᠠ᠂ ᠬᠠᠰᠪᠢᠯᠢᠭ᠌ ᠵᠢᠴᠢ ᠭᠡᠰᠢᠭᠦᠨ ᠨᠡᠶᠢᠲᠡ 26 ᠬᠥᠮᠦᠨ ᠬᠤᠷᠠᠯ ᠳᠤ ᠣᠷᠣᠯᠴᠠᠵᠠᠶ᠃ ᠵᠧᠤ ᠮᠢᠨ ᠵᠢᠶᠧ    ᠬᠤᠷᠠᠯ ᠢ ᠡᠷᠭᠢᠯᠡᠪᠡ᠃
     ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠲᠤᠭᠤᠷᠢᠭ ᠤᠨ ᠳᠡᠳ᠋ ᠳᠠᠷᠤᠭ᠎ᠠ ᠸᠠᠩ ᠸᠧᠶ᠂ ᠲᠤᠭᠤᠷᠢᠭ ᠤᠨ ᠠᠷᠠᠳ ᠤᠨ ᠰᠢᠭᠦᠬᠦ ᠬᠤᠷᠢᠶ᠎ᠠ᠂ ᠲᠤᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠶ᠃      ᠬᠤᠷᠠᠯ ᠠᠴᠠ ᠣᠨᠴᠠ ᠵᠠᠷᠢᠮ ᠲᠥᠯᠥᠭᠡᠯᠡᠭᠴᠢ ᠶᠢᠨ ᠲᠥᠯᠥᠭᠡᠯᠡᠭᠴᠢ ᠶᠢᠨ ᠬᠢᠷᠢ ᠬᠡᠮ ᠤᠨ ᠲᠤᠬᠠᠢ    ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠮᠡᠳᠡᠭᠦᠯᠦᠯᠲᠡ ︵ᠨᠤᠤᠷᠠᠭ︶ ᠶᠢ ᠰᠣᠨᠣᠰᠴᠤ ᠬᠢᠨᠠᠨ ᠵᠥᠪᠯᠡᠪᠡ᠃ ᠬᠤᠷᠠᠯ ᠠᠴᠠ ︽ᠮᠠ ᠹᠦ᠋ ᠵᠡᠷᠭᠡ 3 ᠬᠥᠮᠦᠨ ᠤ ᠪᠤᠭᠤᠲᠤ ᠬᠤᠳᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠠᠴᠠ ᠪᠠᠨ ᠪᠠᠭᠤᠬᠤ ᠶᠢ ᠬᠦᠯᠢᠶᠡᠨ ᠠᠪᠬᠤ ᠲᠤᠬᠠᠢ ᠰᠢᠢᠳᠪᠦᠷᠢ ︵ᠨᠤᠤᠷᠠᠭ︶︾ ᠢ ᠬᠢᠨᠠᠨ ᠵᠥᠪᠯᠡᠵᠦ ᠪᠠᠳᠤᠯᠠᠯᠳᠠ ᠬᠢᠵᠤ ᠪᠠᠲᠤᠯᠠᠪᠠ᠃ ᠬᠤᠷᠠᠯ ᠠᠴᠠ ᠪᠤᠭᠤᠲᠤ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ 4 ᠲᠥᠯᠥᠭᠡᠯᠡᠭᠴᠢ ᠶᠢ ᠨᠥᠬᠦᠨ ᠰᠣᠩᠭᠤᠪᠠ᠃ ︵ᠰᠤᠷᠪᠤᠯᠵᠢᠯᠠᠭᠴᠢ᠄ ᠵᠣᠣ ᠶᠢᠨ ᠹᠧᠩ   ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠵᠢᠨ‌ᠠᠯᠪᠠᠨ ᠬᠡᠷ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号