ᠨᠢᠭᠡ ᠳᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ 49 | ᠤᠳᠠᠭ᠎ᠠ ᠥᠷᠨᠢᠭᠦᠯᠵᠦ᠂ ᠨᠡᠶᠢᠲᠡ 450 ᠭᠠᠷᠤᠶ ᠲᠣᠨ ᠪᠠᠷᠢᠯᠭ᠎ᠠ ᠶᠢᠨ ᠬᠤᠭ ᠨᠣᠪᠰᠢ᠂ 230 ᠭᠠᠷᠤᠶ ᠲᠣᠨ | ᠠᠮᠢᠳᠤᠷᠠᠯ ᠤᠨ ᠬᠤᠭ ᠨᠣᠪᠰᠢ᠂ 90 ᠭᠠᠷᠤᠶ ᠲᠣᠨ ᠬᠠᠲᠠᠭᠤ ᠪᠡᠶᠡᠲᠦ ᠬᠠᠶᠠᠭᠳᠠᠮᠠᠯ ᠪᠣᠳᠠᠰ᠂ 80 ᠭᠠᠷᠤᠶ ᠲᠣᠨ | ᠬᠤᠭ ᠨᠣᠪᠰᠢ ᠬᠠᠶᠠᠭᠳᠠᠮᠠᠯ ᠪᠣᠳᠠᠰ ᠢ ᠴᠡᠪᠡᠷᠯᠡᠨ ᠠᠷᠢᠯᠭᠠᠵᠤ᠂ ᠪᠠᠯᠭᠠᠰᠤ ᠲᠣᠰᠬᠤᠨ ᠤ ᠵᠠᠯᠠᠭᠤ ᠢᠳᠡᠷ 600 | ᠭᠠᠷᠤᠶ ︵ᠬᠥᠮᠦᠨ ᠤᠳᠠᠭ᠎ᠠ︶ ᠠᠵᠢᠯᠲᠠᠨ ᠢ ᠵᠤᠬᠢᠶᠠᠨ ᠪᠠᠶᠢᠭᠤᠯᠵᠤ᠂ ᠤᠬᠤᠭᠤᠷ ᠮᠠᠰᠢᠨ᠂ ᠬᠦᠮᠦᠷᠢᠬᠦᠯᠲᠦ ᠲᠡᠷᠭᠡ | ᠵᠡᠷᠭᠡ 25 ᠮᠠᠰᠢᠨ ᠢ ᠬᠦᠳᠡᠯᠬᠡᠵᠤ᠂ ᠡᠷᠡᠬᠦᠯ ᠬᠠᠮᠭᠠᠯᠠᠯ ᠤᠨ ᠬᠠᠮᠢᠶᠠᠷᠤᠯᠳᠠ ᠦᠬᠡᠢ ᠪᠠᠶᠢᠬᠰᠠᠨ ᠨᠡᠶᠢᠲᠡ 35 | ᠭᠠᠵᠠᠷ ᠢ ᠴᠡᠪᠡᠷᠯᠡᠨ ᠴᠡᠪᠡᠷᠯᠡᠵᠦ᠂ 59 ᠮᠠᠰᠢᠨ ᠲᠡᠷᠭᠡ ᠬᠤᠭ ᠨᠤᠪᠰᠢ ᠶᠢ ᠴᠡᠪᠡᠷᠯᠡᠨ ᠲᠡᠭᠡᠭᠡᠪᠦᠷᠢᠯᠡᠪᠡ᠃ | ᠬᠤᠶᠠᠷ ᠲᠤ᠂ ᠪᠠᠯᠭᠠᠰᠤᠨ ᠤ ᠳᠦᠷᠢ ᠲᠥᠷᠬᠦ ᠶᠢᠨ ᠡᠮᠬᠢ ᠳᠢᠭᠯᠢᠮ ᠢ ᠴᠡᠭᠴᠡᠯᠡᠨ ᠵᠠᠰᠠᠬᠤ ᠠᠵᠢᠯ ᠢ ᠪᠠᠶᠢᠩᠭᠤ | ᠥᠷᠨᠢᠭᠦᠯᠵᠦ᠂ ᠵᠡᠭᠡᠯᠢ ᠳᠠᠭᠠᠤ ᠳᠡᠯᠭᠡᠭᠦᠷ ᠬᠤᠳᠠᠯᠳᠤᠭ᠎ᠠ ᠶᠢᠨ ︽ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ︾ | ᠲᠠᠢ ᠨᠢᠭᠲᠠ ᠤᠶᠠᠯᠳᠤᠭᠤᠯᠤᠨ᠂ ᠬᠤᠲᠠ ᠶᠢᠨ ᠳᠦᠷᠢ ᠲᠥᠷᠬᠦ ᠶᠢᠨ ᠡᠮᠬᠢ ᠳᠢᠭᠯᠢᠮ ᠤᠨ ᠬᠠᠮᠢᠶᠠᠷᠤᠯᠲᠠ ᠶᠢᠨ | ᠪᠠᠷᠢᠮᠵᠢᠶ᠎ᠠ ᠶᠣᠰᠣᠭᠠᠷ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠪᠡᠶᠡᠯᠡᠭᠦᠯᠵᠦ᠂ | 828 ᠳᠡᠯᠭᠡᠭᠦᠷ ᠤᠨ ᠡᠬᠦᠳᠡᠨ ᠭᠠᠳᠠᠨ᠎ᠠ ᠪᠠᠨ ᠣᠪᠣᠭᠠᠯᠠᠨ ᠲᠠᠯᠪᠢᠬᠤ᠂ 451 ᠭᠠᠵᠠᠷ ᠲᠠᠬᠢ ᠵᠠᠮ ᠡᠵᠡᠯᠡᠨ | ᠡᠵᠡᠩᠨᠡᠯᠲᠡ ᠬᠢᠭᠰᠡᠨ ᠠᠵᠢᠯᠯᠠᠭ᠎ᠠ ᠶᠢ ᠰᠢᠢᠳᠪᠦᠷᠢᠯᠡᠵᠤ᠂ ᠲᠣᠭᠲᠠᠭᠠᠯ ᠠᠴᠠ ᠵᠥᠷᠢᠴᠡᠨ ᠳ᠋ᠧᠩ ᠤᠨ ᠬᠠᠶᠢᠷᠴᠠᠭ | ᠲᠠᠭᠠᠷᠠᠭᠤᠯᠤᠭᠰᠠᠨ 511 ᠵᠠᠷ ᠮᠡᠳᠡᠭᠡ ᠶᠢᠨ ᠫᠠᠶᠢᠰᠠ ᠢᠯᠡᠷᠬᠡᠶᠢᠯᠡᠯ ᠢ ᠴᠡᠪᠡᠷᠯᠡᠪᠡ᠃ ᠭᠤᠷᠪᠠ ᠳᠤ᠂ ᠬᠠᠮᠢᠶ᠎ᠠ ᠪᠥᠬᠦᠶ | ᠰᠠᠯᠠᠭ᠎ᠠ ᠮᠥᠴᠢᠷ ᠲᠠᠢ ᠬᠠᠮᠲᠤᠷᠠᠨ ᠮᠤᠨᠠ ᠠᠭᠤᠯᠠ ᠶᠢᠨ ᠦᠶᠡᠷ ᠢ ᠬᠠᠰᠢᠬᠤ ᠭᠤᠤ ᠶᠢᠨ ᠡᠷᠬᠢᠨ ᠲᠣᠭᠤᠷᠢᠨ ᠳᠤ ᠠᠮᠢ | ᠠᠬᠤᠶ ᠣᠷᠴᠢᠨ ᠲᠣᠭᠤᠷᠢᠨ ᠤ ᠲᠤᠰᠬᠠᠶ ᠪᠠᠶᠢᠴᠠᠭᠠᠯᠲᠠ ᠬᠢᠵᠦ᠂ ᠦᠯᠡᠳᠡᠭᠳᠡᠯ ᠠᠭᠤᠷᠬᠠᠢ ᠶᠢᠨ ᠬᠠᠰᠢᠯᠭ᠎ᠠ ᠶᠢᠨ | ᠡᠷᠬᠢᠨ ᠲᠣᠭᠤᠷᠢᠨ ᠤ ᠠᠵᠤ ᠠᠬᠤᠶᠢᠯᠠᠯ ᠤᠨ ᠬᠦᠷᠢᠶ᠎ᠡ ᠬᠠᠰᠢᠶᠠᠨ ᠳᠤ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠪᠠᠶᠢᠴᠠᠭᠠᠯᠲᠠ ᠶᠢ 5 ᠤᠳᠠᠭ᠎ᠠ ᠦᠷᠨᠢᠬᠦᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ | ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠬᠢᠨᠠᠨ ᠪᠠᠶᠢᠴᠠᠭᠠᠬᠰᠠᠨ ᠪᠠ ᠬᠠᠲᠤᠨ | ᠭᠤᠤᠯ ᠤᠨ ᠰᠠᠪᠠ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠢ ᠪᠥᠬᠦ ᠲᠠᠯ᠎ᠠ ᠪᠠᠷ ᠡᠷᠬᠢᠨ | ᠦᠵᠡᠵᠦ᠂ ᠬᠠᠮᠢᠶ᠎ᠠ ᠪᠥᠬᠦᠶ 8 ᠠᠰᠠᠭᠤᠳᠠᠯ ᠢ ᠰᠢᠢᠳᠪᠦᠷᠢᠯᠡᠵᠤ ᠬᠠᠷᠢᠭᠤᠯᠲᠠ ᠥᠭᠪᠡ᠃ ᠪᠥᠬᠦ ᠪᠠᠯᠭᠠᠰᠤᠨ ᠤ ᠠᠮᠢ | ᠠᠬᠤᠶ ᠣᠷᠴᠢᠨ ᠲᠣᠭᠤᠷᠢᠨ ᠤ ᠴᠢᠨᠠᠷ ᠰᠠᠶᠢᠲᠠᠶ ᠬᠥᠭᠵᠢᠯᠲᠡ ᠶᠢ ᠬᠦᠴᠦᠲᠡᠶ ᠠᠬᠢᠭᠤᠯᠵᠤ᠂ ᠥᠷᠭᠡᠨ ᠣᠯᠠᠨ ᠠᠷᠠᠳ | ᠲᠦᠮᠡᠨ ᠤ ᠣᠷᠴᠢᠨ ᠲᠣᠭᠤᠷᠢᠨ ᠤ ᠡᠷᠬᠡ ᠠᠰᠢᠭ ᠢ ᠦᠨᠡᠨ ᠬᠦ ᠬᠠᠮᠠᠭᠠᠯᠠᠪᠠ᠃ |