ᠠᠩᠬᠠᠳᠤᠭᠠᠷ ᠬᠤᠭᠤᠴᠠᠭᠠᠨ ᠤ ︽ᠠᠷᠠᠳ ᠤᠨ ᠵᠠᠩ ᠦᠢᠯᠡ ᠨᠤᠲᠤᠭ ᠤᠨ ᠬᠠᠶᠢᠷ᠎ᠠ︾ ᠰᠢᠨ᠎ᠡ ᠶᠢᠨ ᠪᠠᠷᠠᠭ᠎ᠠ ᠶᠢᠨ ᠴᠤᠬᠯᠠᠭᠠᠨ ᠠᠷᠠᠳ ᠨᠢᠬᠡᠳᠦᠬᠡᠷ ᠨᠡᠶᠢᠭᠡᠮ ᠲᠣᠭᠤᠷᠢᠭ ᠲᠤ ᠡᠬᠢᠯᠡᠪᠡ
ᠨᠡᠶᠢᠲᠡᠯᠡᠭᠰᠡᠨ ᠴᠠᠭ᠄
2025/1/4
     ᠬᠥᠷᠰᠢ ᠵᠡᠷᠭᠡᠯᠡᠳᠡᠭᠡ ᠶᠢᠨ ᠵᠣᠯ ᠵᠢᠷᠭᠠᠯᠲᠦ ᠬᠠᠮᠲᠤ ᠶᠢᠨ ᠴᠣᠭᠴᠠ ᠶᠢ ᠤᠯᠠᠮ ᠨᠢᠭᠡ ᠠᠯᠬᠤᠮ ᠪᠠᠶᠢᠭᠤᠯᠵᠤ ᠴᠠᠭᠠᠨ ᠰᠠᠷ᠎ᠠ ᠶᠢᠨ ᠪᠠᠶᠠᠷ ᠢᠶᠠᠨ ᠨᠠᠩ ᠰᠠᠶᠢᠳᠤᠷ ᠤᠭᠲᠤᠵᠤ᠂ ᠰᠠᠭᠤᠭᠠᠯᠢ ᠠᠷᠠᠳ ᠤᠨ ᠣᠶᠢᠷ᠎ᠠ ᠬᠠᠪᠢ ᠠᠴᠠ ᠪᠠᠨ ᠰᠢᠨ᠎ᠡ ᠰᠣᠷᠭᠤᠭ ᠪᠥᠭᠡᠳ ᠬᠢᠮᠳᠠ ᠰᠢᠨ᠎ᠡ ᠶᠢᠨ ᠪᠠᠷᠠᠭ᠎ᠠ ᠬᠤᠳᠠᠯᠳᠤᠨ ᠠᠪᠬᠤ ᠳᠤ ᠲᠥᠬᠦᠮ ᠦᠵᠡᠭᠦᠯᠬᠦ ᠶᠢᠨ ᠲᠦᠯᠦᠬᠡ᠂ ᠬᠤᠲᠠ ᠶᠢᠨ ᠵᠠᠰᠠᠭ ᠤᠨ ᠵᠡᠭᠦᠨ ᠵᠠᠮ ᠵᠡᠭᠡᠯᠢ ᠭᠤᠳᠤᠮᠵᠢ ᠶᠢᠨ ᠬᠢᠨ ᠴᠢᠨᠠᠷ ᠰᠠᠶᠢᠲᠠᠶ ᠬᠤᠳᠠᠯᠳᠤᠭᠠᠴᠢᠨ ᠡᠷᠦᠬᠡ ᠲᠠᠢ ᠬᠠᠮᠲᠤᠷᠠᠨ ᠰᠠᠭᠤᠭᠠᠯᠢ ᠠᠷᠠᠳ ᠲᠤ ᠰᠢᠨ᠎ᠡ ᠵᠢᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠬᠠᠩᠭᠠᠪᠠ᠂ ᠲᠤᠰ ᠤᠳᠠᠭ᠎ᠠ ᠶᠢᠨ ᠴᠤᠭᠯᠠᠭ᠎ᠠ ᠮᠠᠶᠢᠮᠠᠶ ᠳᠤ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠤᠨ ᠠᠵᠢᠯᠯᠠᠭ᠎ᠠ᠂ ᠠᠮᠲᠠᠲᠤ ᠢᠳᠡᠭᠡᠨ ᠣᠨᠴᠠ ᠭᠠᠷᠤᠯᠲᠠ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠵᠡᠷᠭᠡ ᠣᠯᠠᠨ ᠵᠦᠢᠯ ᠤᠨ ᠲᠡᠯᠬᠡᠬᠡ ᠮᠠᠶᠢᠮᠠᠢ ᠶᠢ ᠠᠭᠤᠰᠤᠯᠴᠠᠭᠤᠯᠵᠤ᠂ ᠨᠢᠭᠡ ᠤᠳᠠᠭᠠᠨ ᠤ ᠬᠢᠮᠳᠠ ᠮᠦᠷᠳᠡᠬᠡᠨ ᠰᠢᠯᠢᠳᠡᠭ ᠪᠠᠷᠠᠭ᠎ᠠ ᠲᠠᠸᠠᠷ ᠬᠤᠳᠠᠯᠳᠤᠬᠰᠠᠨ᠂ ᠰᠣᠶᠣᠯ ᠤᠨ ᠪᠡᠶᠡᠴᠢ ᠣᠶᠢᠯᠠᠭᠠᠯᠲᠠ ᠶᠢ ᠨᠢᠭᠡ ᠴᠣᠭᠴᠠᠵᠢᠭᠤᠯᠤᠭᠰᠠᠨ     ᠰᠢᠨ᠎ᠡ ᠶᠢᠨ ᠪᠠᠷᠠᠭᠠᠨ ᠤ ᠦᠪᠡᠳᠡᠭᠰᠢ ᠴᠤᠬᠯᠠᠭᠠᠨ ᠢ ᠡᠷᠬᠢᠯᠡᠪᠡ᠃ ︽ᠤᠶᠢᠷ᠎ᠠ ᠵᠠᠢ ᠳᠤ︾ ᠳᠡᠯᠭᠡᠨ ᠪᠣᠷᠣᠯᠠᠭᠤᠯᠬᠤ᠂ ︽ᠨᠢᠭᠤᠷᠲᠠᠨ ᠲᠠᠨᠢᠯᠴᠠᠭᠤᠯᠬᠤ︾ ᠪᠠᠷ ᠳᠠᠮᠵᠢᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠴᠢᠨᠠᠷ ᠰᠠᠶᠢᠲᠠᠶ᠂ ᠠᠮᠤᠷ ᠲᠦᠪᠰᠢᠨ ᠲᠠᠷᠢᠶᠠᠯᠠᠩ ᠤᠨ ᠲᠤᠰᠠᠯᠠᠬᠤ ᠪᠦᠲᠦᠭᠡᠭᠳᠡᠬᠦᠨ ᠢ ᠬᠤᠳᠠᠯᠳᠤᠨ ᠠᠪᠬᠤ ᠳᠤ ᠲᠦᠬᠦᠮ ᠦᠵᠡᠬᠦᠯᠵᠤ᠂ ᠰᠠᠭᠤᠭᠠᠯᠢ ᠠᠷᠠᠳ ᠲᠤ ᠬᠠᠷᠠᠭᠠᠯᠵᠠᠯ ᠬᠦᠷᠲᠡᠭᠡᠬᠦ ᠶᠢᠨ ᠬᠠᠮᠲᠤ ᠠᠵᠤ ᠠᠬᠤᠶᠢᠯᠠᠯ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠬᠦ ᠶᠢ ᠪᠡᠶᠡᠯᠡᠭᠦᠯᠪᠠ᠃ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 35 ᠬᠤᠳᠠᠯᠳᠤᠭᠠᠴᠢᠨ ᠡᠷᠦᠬᠡ ᠬᠦᠷᠦᠯᠴᠡᠨ ᠢᠷᠡᠵᠤ᠂ ᠡᠯ᠎ᠡ ᠲᠥᠷᠥᠯ ᠤᠨ ᠲᠠᠸᠠᠷ ᠢ 100 ᠭᠠᠷᠤᠶ ᠵᠦᠢᠯ ᠢ ᠳᠡᠯᠭᠡᠨ ᠦᠵᠡᠭᠦᠯᠵᠦ ᠬᠤᠳᠠᠯᠳᠤᠭᠠᠳ᠂ ᠲᠣᠰ ᠡᠳᠦᠷ ᠤᠨ ᠪᠣᠷᠣᠯᠠᠭᠤᠯᠤᠭᠰᠠᠨ ᠬᠡᠮᠵᠢᠶ᠎ᠡ 2.5 ᠲᠦᠮᠡ ᠭᠠᠷᠤᠶ ᠲᠥᠭᠦᠷᠢᠭ ᠲᠤ ᠬᠦᠷᠴᠦ᠂ ᠲᠦᠮᠡ ᠭᠠᠷᠤᠶ ᠰᠠᠭᠤᠭᠠᠯᠢ ᠠᠷᠠᠳ ᠲᠤ ᠠᠰᠢᠭ ᠬᠦᠷᠲᠡᠭᠡᠪᠡ᠃ ᠲᠣᠰ ᠤᠳᠠᠭᠠᠨ ᠤ ᠰᠢᠨ᠎ᠡ ᠶᠢᠨ ᠪᠠᠷᠠᠭᠠᠨ ᠤ ᠴᠤᠭᠯᠠᠭ᠎ᠠ ᠮᠠᠶᠢᠮᠠᠢ ᠶᠢᠨ ᠠᠵᠢᠯᠯᠠᠭ᠎ᠠ ᠪᠠᠷ ᠳᠠᠮᠵᠢᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠪᠠᠶᠠᠷ ᠤᠨ ᠡᠳᠦᠷ ᠤᠨ ᠪᠠᠷᠠᠭ᠎ᠠ ᠬᠤᠳᠠᠯᠳᠤᠨ ᠠᠪᠬᠤ ᠬᠡᠷᠡᠭᠴᠡᠭᠡ ᠶᠢ ᠬᠠᠩᠭᠠᠵᠤ᠂ ᠰᠠᠭᠤᠭᠠᠯᠢ ᠠᠷᠠᠳ ᠲᠤ ᠬᠡᠷ ᠤᠨ ᠡᠬᠦᠳᠡᠨ ᠳᠡᠭᠡᠨ ᠦᠢᠯᠡᠴᠢᠯᠡᠭᠡ ᠬᠦᠷᠳᠡᠬᠦ ᠶᠢ ᠪᠡᠶᠡᠯᠡᠬᠦᠯᠵᠤ᠂ ᠰᠢᠨ᠎ᠡ ᠶᠢᠨ ᠪᠠᠷᠠᠭ᠎ᠠ ᠶᠢ ᠴᠤᠬᠯᠠᠭᠤᠯᠤᠨ᠂ ᠰᠢᠨ᠎ᠠ ᠵᠢᠯ ᠬᠦᠷᠴᠦ ᠢᠷᠡᠬᠦ ᠬᠡᠵᠤ ᠪᠠᠶᠢᠭ᠎ᠠ ᠬᠥᠷ ᠬᠥᠭᠵᠢᠶᠡᠨᠲᠦ ᠠᠭᠤᠷ ᠠᠮᠢᠰᠬᠤᠯ ᠢ ᠪᠤᠢ ᠪᠤᠯᠭᠠᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠨᠠᠩ ᠬᠦᠴᠦᠲᠡᠶ ᠳᠡᠭᠡᠭᠰᠢᠯᠡᠭᠦᠯᠵᠦ᠂ ︽ᠤᠶᠢᠷ᠎ᠠ ᠵᠠᠢ ᠠᠴᠠ ᠣᠯᠠᠨ ᠲᠦᠮᠡᠨ ᠳᠤ ᠦᠢᠯᠡᠴᠢᠯᠡᠬᠦ︾ ᠶᠢ ᠪᠡᠶᠡᠯᠡᠭᠦᠯᠵᠦ᠂ ᠦᠨᠳᠦᠰᠦᠨ ᠱᠠᠲᠤᠨ ᠤ ᠦᠯᠡᠴᠢᠯᠡᠭᠡ ᠶᠢ ᠣᠯᠠᠨ ᠲᠦᠮᠡᠨ ᠲᠠᠢ ᠨᠠᠩ ᠣᠶᠢᠷᠠᠲᠤᠭᠤᠯᠵᠤ᠂ ᠨᠡᠶᠢᠭᠡᠮ ᠲᠣᠭᠤᠷᠢᠭ ᠢ ᠨᠠᠩ ᠢᠯᠡᠭᠦᠦ ᠠᠮᠢᠳᠦᠷᠠᠯ ᠤᠨ ᠠᠭᠤᠷ ᠠᠮᠢᠰᠬᠤᠯ ᠢᠶᠠᠷ ᠪᠢᠯᠬᠠᠭᠤᠯᠪᠠ᠃ ︵ᠬᠤᠳᠠ ᠶᠢᠨ ᠵᠠᠰᠠᠭ ᠤᠨ ᠵᠡᠭᠦᠨ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号