1 ᠰᠠᠷ᠎ᠠ ᠶᠢᠨ 2 ᠤᠨ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠬᠤ᠋ ᠴᠢᠶᠠᠩ ᠲᠤᠭᠤᠷᠢᠭ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠡ᠂ ᠲᠤᠭᠤᠷᠢᠭ ᠤᠨ ᠵᠠᠰᠠᠭ ᠤᠨ | ᠣᠷᠳᠣᠨ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠪᠣᠯᠤᠨ ᠲᠤᠭᠤᠷᠢᠭ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠡ ᠬᠢᠨᠠᠨ ᠪᠠᠶᠢᠴᠠᠭᠠᠬᠤ ᠵᠥᠪᠯᠡᠯ ᠳᠤ ᠬᠦᠷᠴᠦ᠂ ᠪᠠᠶᠢᠭᠤᠯᠭ᠎ᠠ ᠶᠢᠨ ᠺᠠᠳ᠋ᠷᠴᠤᠳ ᠢ ᠪᠣᠯᠭᠤᠭᠠᠨ | ᠲᠣᠬᠤᠨᠢᠭᠤᠯᠵᠤ᠂ ᠬᠤᠯᠪᠣᠭᠳᠠᠯ ᠪᠦᠬᠦᠢ ᠪᠠᠶᠢᠳᠠᠯ ᠢ ᠣᠶᠢᠯᠠᠭᠠᠪᠠ᠃ | ᠲᠤᠭᠤᠷᠢᠨ ᠦᠵᠡᠬᠦ ᠳᠤᠮᠳᠠ᠂ ᠬᠤ᠋ ᠴᠢᠶᠠᠩ ᠪᠠᠶᠢᠭᠤᠯᠭ᠎ᠠ ᠶᠢᠨ ᠺᠠᠳ᠋ᠷᠴᠤᠳ ᠲᠠᠢ ᠳᠣᠲᠣᠨᠣ ᠪᠠᠷ ᠶᠠᠷᠢᠯᠴᠠᠵᠤ᠂ | ᠮᠡᠨᠳᠦᠴᠢᠯᠡᠯ ᠬᠦᠷᠭᠡᠨ᠂ ᠡᠯ᠎ᠡ ᠪᠠᠶᠢᠭᠤᠯᠭ᠎ᠠ ᠰᠠᠯᠠᠭ᠎ᠠ ᠮᠥᠴᠢᠷ ᠤᠨ ᠠᠵᠢᠯ ᠤᠨ ᠪᠠᠶᠢᠳᠠᠯ ᠤᠨ ᠲᠠᠨᠢᠯᠴᠠᠭᠤᠯᠭ᠎ᠠ ᠶᠢ | ᠨᠠᠷᠢᠨ ᠬᠢᠨᠠᠮᠠᠭᠠᠢ ᠰᠣᠨᠣᠰᠴᠤ᠂ ᠤᠯᠠᠨ ᠤ ᠡᠨᠡ ᠵᠢᠯ ᠠᠴᠠ ᠨᠠᠭᠠᠰᠢ ᠣᠯᠤᠭᠰᠠᠨ ᠠᠮᠵᠢᠯᠲᠠ ᠶᠢ ᠭᠦᠢᠴᠡᠳ | ᠨᠤᠲᠠᠯᠠᠵᠤ᠂ ᠤᠯᠠᠨ ᠤ ᠬᠥᠨᠳᠡᠯᠡᠨ ᠲᠣᠭᠤᠷᠢᠭ ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠳᠤ ᠬᠤᠪᠢ ᠨᠡᠮᠡᠷᠢ | ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠬᠤ᠋ ᠴᠢᠶᠠᠩ᠂ ᠥᠨᠥᠳᠦᠷ ᠲᠤᠭᠤᠷᠢᠨ ᠦᠵᠡᠬᠦ ᠪᠠᠷ | ᠢᠷᠡᠭᠰᠡᠨ ᠨᠢ ᠭᠤᠤᠯᠳᠠᠭᠤ ᠬᠠᠷᠢᠯᠴᠠᠨ ᠲᠠᠨᠢᠯᠴᠠᠵᠤ᠂ ᠣᠯᠠᠨ ᠢ ᠡᠷᠭᠢᠵᠦ ᠦᠵᠡᠬᠦ ᠶᠢᠨ ᠲᠥᠯᠥᠭᠡ ᠶᠤᠮ᠃ ᠡᠨᠡ | ᠬᠡᠰᠡᠭ ᠬᠤᠭᠤᠴᠠᠭᠠᠨ ᠳᠤ ᠪᠢ ᠶᠠᠷᠦᠩᠬᠡᠢ ᠪᠠᠶᠢᠳᠠᠯ ᠢ ᠣᠶᠢᠯᠠᠭᠠᠬᠰᠠᠨ ᠲᠦᠷᠦᠭᠳᠡᠯ ᠬᠡᠪᠡᠯ᠂ ᠤᠯᠠᠨ ᠢᠶᠠᠷ ᠢᠶᠠᠨ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ᠂ | ᠬᠤᠳᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ | ᠲᠤᠭᠤᠷᠢᠭ ᠤᠨ ᠨᠠᠮ ᠤᠨ ᠬᠤᠷᠢᠶᠠᠨ ᠤ ᠭᠤᠣᠯ ᠠᠵᠢᠯ ᠤᠨ ᠲᠣᠭᠤᠷᠢᠨ ᠳᠤ᠂ ᠲᠤᠰ ᠲᠤᠰ ᠤᠨ ᠡᠭᠦᠷᠭᠡ ᠲᠤᠰᠢᠶᠠᠯ | ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ | ᠴᠢᠷᠮᠠᠶᠢᠯᠭ᠎ᠠ ᠭᠠᠷᠭᠠᠵᠤ᠂ ᠠᠵᠢᠯ ᠢᠶᠠᠨ ᠮᠠᠰᠢ ᠯᠠᠪᠳᠠᠭᠤᠨ ᠪᠠᠲᠤᠲᠠᠢ ᠬᠢᠵᠦ᠂ ᠬᠢᠯᠠᠰ ᠴᠡᠭ ᠴᠦ ᠮᠠᠰᠢ ᠤᠯᠠᠨ ᠪᠤᠢ᠃ | ᠣᠯᠠᠨ ᠢᠶᠠᠷ ᠢᠶᠠᠨ ᠢᠲᠡᠭᠡᠯ ᠵᠣᠷᠢᠭ ᠢᠶᠠᠨ ᠪᠠᠲᠤᠳᠬᠠᠵᠤ᠂ ᠬᠠᠷᠠᠭ᠎ᠠ ᠪᠠᠨ ᠦᠷᠬᠡᠳᠭᠡᠵᠦ᠂ ᠥᠨᠳᠥᠷ ᠪᠠᠷᠢᠮᠵᠢᠶ᠎ᠠ ᠪᠠᠷ | ᠪᠠᠷᠢᠮᠵᠢᠶᠠᠯᠠᠵᠤ᠂ ᠪᠣᠳᠠᠲᠠᠶ ᠶᠢ ᠡᠷᠬᠢᠮᠯᠡᠬᠦ ᠰᠤᠷᠲᠠᠯ ᠢᠶᠠᠷ ᠠᠵᠢᠯ ᠨᠢᠬᠡᠪᠦᠷᠢ ᠶᠢ ᠦᠨᠡᠨ ᠪᠣᠳᠠᠲᠠᠶ ᠠᠳᠬᠤᠨ ᠪᠣᠳᠠᠲᠠᠶ | ᠬᠢᠵᠦ᠂ ᠮᠠᠨ ᠤ ᠲᠤᠭᠤᠷᠢᠭ ᠤᠨ ᠪᠥᠬᠦ ᠤᠯᠤᠰ ᠤᠨ ᠮᠢᠩᠭᠠᠨ ᠳ᠋ᠦᠩᠰᠢᠭᠤᠷ ᠲᠠᠰ ᠤᠨ ᠰᠢᠶᠠᠨ ᠬᠤᠲᠠ | ᠲᠣᠭᠤᠷᠢᠭ ᠤᠨ 100 ᠬᠦᠴᠦᠷᠬᠡᠭ ᠪᠤᠯᠬᠤ ᠬᠠᠷᠠᠯᠳᠠ ᠲᠡᠶᠢᠰᠢ ᠲᠦᠷᠭᠡᠨ ᠤᠷᠤᠭᠰᠢᠯᠠᠬᠤ ᠶᠢ ᠪᠥᠬᠦ | ᠬᠦᠴᠦᠨ ᠢᠶᠠᠷ ᠢᠶᠠᠨ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠥᠪᠡᠷᠲᠡᠭᠡᠨ ᠵᠠᠰᠠᠬᠤ ᠣᠷᠣᠨ ᠤ ᠴᠢᠨᠠᠷ | ᠰᠠᠶᠢᠲᠠᠶ ᠬᠥᠭᠵᠢᠯᠲᠡ ᠶᠢᠨ ᠳᠠᠭᠠᠭᠤᠯᠤᠭᠴᠢ ᠪᠣᠯᠬᠤ ᠪᠠᠷ ᠪᠥᠬᠦ ᠲᠠᠯ᠎ᠠ ᠪᠠᠷ ᠴᠢᠷᠮᠠᠶᠢᠬᠤ ᠶᠢ ᠬᠦᠰᠡᠵᠦ ᠪᠠᠶᠢᠨ᠎ᠠ᠃ | ᠲᠤᠭᠤᠷᠢᠭ ᠤᠨ ᠨᠠᠮ ᠤᠨ ᠬᠤᠷᠢᠶ᠎ᠠ ᠥᠩᠭᠡᠷᠡᠭᠰᠡᠨ ᠲᠠᠢ ᠪᠠᠨ ᠠᠳᠠᠯᠢ ᠪᠠᠷ ᠣᠯᠠᠨ ᠤ ᠠᠵᠢᠯ ᠢ ᠳᠡᠮᠵᠢᠵᠦ᠂ ᠣᠯᠠᠨ ᠤ | ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠦᠨ ᠥᠭᠴᠦ᠂ ᠰᠡᠳᠬᠢᠯ | ᠨᠢᠭᠡᠳᠦᠨ ᠬᠦᠴᠦ ᠪᠠᠨ ᠬᠠᠮᠲᠤᠳᠬᠠᠵᠤ ᠡᠯ᠎ᠡ ᠵᠦᠶᠯ ᠤᠨ ᠠᠵᠢᠯ ᠢᠶᠠᠨ ᠲᠠᠰᠤᠷᠠᠯᠲᠠ ᠥᠬᠡᠶ ᠤᠷᠤᠭᠰᠢ ᠠᠬᠢᠭᠤᠯᠤᠨ᠎ᠠ | ᠭᠡᠪᠡ᠃ | ᠲᠤᠭᠤᠷᠢᠭ ᠤᠨ ᠤᠳᠤᠷᠢᠳᠤᠯᠭ᠎ᠠ ᠯᠢᠦ ᠷᠦᠢ ᠯᠦᠩ᠂ ᠰᠤ᠋ ᠵᠢᠶᠦ᠋ᠨ ᠠᠵᠢᠯᠯᠠᠭ᠎ᠠ ᠳᠤ ᠣᠷᠣᠯᠴᠠᠪᠠ᠃ ︵ | ᠰᠤᠷᠪᠤᠯᠵᠢᠯᠠᠭᠴᠢ᠄ ᠹᠧᠩ ᠰᠢᠤᠸᠠᠢ ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ | ᠠᠯᠪᠠᠨ ᠭᠡᠷ︶ |