ᠬᠥᠨᠳᠡᠯᠡᠨ ᠲᠣᠭᠤᠷᠢᠭ ︽ᠭᠤᠷᠪᠠᠨ ᠠᠷᠭ᠎ᠠ ᠬᠡᠮᠵᠢᠶ᠎ᠡ︾ ᠪᠠᠷ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠣᠯᠵᠤ ᠦᠢᠯᠡᠰ ᠪᠤᠰᠬᠠᠬᠤ ᠠᠵᠢᠯ ᠢ ᠰᠠᠶᠢᠲᠤᠷ ᠠᠳᠬᠤᠵᠤ ᠪᠤᠢ
ᠨᠡᠶᠢᠲᠡᠯᠡᠭᠰᠡᠨ ᠴᠠᠭ᠄
2025/1/4
    ᠨᠢᠭᠡ ᠳᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠥᠮᠦᠵᠢᠯ ᠪᠣᠯᠪᠠᠰᠤᠷᠠᠯ ᠢ ᠴᠢᠩᠭᠠᠳᠬᠠᠵᠤ᠂ ᠠᠵᠢᠯ ᠤᠯᠵᠤ ᠦᠢᠯᠡᠰ ᠪᠤᠰᠬᠠᠬᠤ ᠴᠢᠳᠠᠪᠤᠷᠢ ᠶᠢ ᠳᠡᠭᠡᠭᠰᠢᠯᠡᠭᠦᠯᠪᠠ᠃ 2024 ᠣᠨ ᠳᠤ ᠬᠠᠪᠤᠷ ᠨᠠᠮᠤᠷ ᠬᠤᠶᠠᠷ ᠤᠯᠠᠷᠢᠯ ᠳᠤ ᠴᠡᠷᠢᠭ ᠤᠨ ᠠᠯᠪᠠ ᠠᠴᠠ ᠬᠠᠯᠠᠬᠳᠠᠬᠰᠠᠳ ᠪᠥᠬᠦ ᠬᠥᠮᠦᠰ ᠲᠤ ᠬᠠᠨᠳᠤᠯᠭᠠᠳᠤ ᠴᠢᠨᠠᠷᠲᠠᠶ ᠪᠣᠯᠪᠠᠰᠤᠷᠠᠯ ᠬᠦᠷᠳᠡᠬᠡᠵᠤ᠂ ᠵᠠᠬ᠎ᠠ ᠳᠡᠯᠭᠡᠭᠦᠷ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠬᠡᠷᠡᠭᠴᠡᠭᠡ ᠪᠠ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠬᠡᠷᠡᠭᠴᠡᠭᠡ ᠲᠠᠢ ᠤᠶᠠᠯᠳᠤᠭᠤᠯᠤᠨ᠂ ︽ᠵᠠᠬᠢᠶᠠᠯᠠᠭ᠎ᠠ ᠶᠢᠨ        ᠮᠠᠶ᠋ᠢᠭ ᠤᠨ︾᠂ ︽ᠬᠠᠨᠳᠤᠯᠭᠠᠲᠤ ᠮᠠᠶ᠋ᠢᠭ ᠤᠨ︾᠂ ︽ᠠᠵᠢᠯ ᠤᠨ ᠪᠠᠶᠢᠷᠢ ᠲᠣᠭᠲᠠᠭᠠᠬᠤ ᠮᠠᠶ᠋ᠢᠭ︾ ᠤᠨ ᠤᠷ᠎ᠠ ᠮᠡᠷᠬᠡᠵᠢᠯ ᠤᠨ ᠪᠣᠯᠪᠠᠰᠤᠷᠠᠯ ᠥᠷᠨᠢᠭᠦᠯᠪᠠ᠃ ᠣᠳᠣᠬᠠᠨ ᠳᠤ ᠨᠢᠭᠡᠨᠲᠡ ᠴᠡᠷᠢᠭ ᠤᠨ ᠠᠯᠪᠠ ᠠᠴᠠ ᠬᠠᠯᠠᠭᠳᠠᠭᠰᠠᠳ ᠪᠥᠬᠦ ᠬᠦᠮᠦᠰ ᠲᠤ ᠬᠠᠨᠳᠤᠯᠭᠠᠳᠦ ᠴᠢᠨᠠᠷᠲᠠᠶ ᠪᠣᠯᠪᠠᠰᠤᠷᠠᠯ ᠢ 2 ᠬᠤᠭᠤᠴᠠᠭ᠎ᠠ ᠡᠷᠬᠢᠯᠡᠵᠤ᠂ ᠨᠠᠶᠢᠳᠠ 229 ᠬᠥᠮᠦᠨ  ᠳᠤ ᠪᠤᠯᠪᠠᠰᠤᠷᠠᠯ ᠬᠦᠷᠳᠡᠬᠡᠵᠤ᠂ ᠰᠦᠢᠳᠬᠡᠯ ᠬᠤᠷᠢᠶᠠᠬᠤ ᠥᠬᠡᠶ ᠤᠷ᠎ᠠ  ᠮᠡᠷᠬᠡᠵᠢᠯ ᠤᠨ ᠪᠣᠯᠪᠠᠰᠤᠷᠠᠯ ᠢ 6 ᠤᠳᠠᠭ᠎ᠠ ᠦᠷᠨᠢᠬᠦᠯᠵᠦ᠂ 179 ᠬᠥᠮᠦᠨ ᠣᠷᠣᠯᠴᠠᠵᠤ᠂ ᠰᠤᠷᠤᠯᠭ᠎ᠠ ᠶᠢᠨ ᠨᠠᠮᠲᠠᠷ ᠢᠶᠠᠨ ᠳᠡᠭᠡᠭᠰᠢᠯᠡᠭᠦᠯᠬᠦ ᠰᠤᠷᠭᠠᠨ ᠬᠥᠮᠦᠵᠢᠯ ᠳᠤ 21 ᠬᠥᠮᠦᠨ ᠣᠷᠣᠯᠴᠠᠪᠠ᠃ ᠬᠤᠶᠠᠷ ᠲᠤ᠂ ᠠᠵᠢᠯ ᠣᠯᠭᠤᠬᠤ ᠪᠠ ᠦᠢᠯᠡᠰ ᠪᠤᠰᠬᠠᠬᠤ ᠠᠵᠢᠯ ᠤᠨ ᠡᠷᠴᠢᠮ ᠢ ᠴᠢᠩᠭᠠᠷᠠᠭᠤᠯᠵᠤ᠂ ᠠᠵᠢᠯ ᠣᠯᠭᠤᠯᠲᠠ ᠶᠢᠨ ᠨᠤᠷᠮ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠪᠡ᠃ ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠡ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ︽ᠠᠬᠠᠮᠠᠳ ᠴᠡᠷᠢᠭ ᠢ ᠤᠭᠲᠤᠵᠤ ᠰᠢᠨ᠎ᠡ ᠴᠡᠷᠢᠭ ᠢ ᠮᠤᠷᠳᠠᠭᠤᠯᠬᠤ︾ ᠠᠵᠢᠯᠯᠠᠭ᠎ᠠ ᠪᠣᠯᠤᠨ ᠴᠡᠷᠢᠭ ᠤᠨ ᠠᠯᠪᠠ ᠠᠴᠠ ᠬᠠᠯᠠᠭᠳᠠᠭᠰᠠᠳ   ᠤᠨ ᠲᠤᠰᠬᠠᠢ ᠲᠠᠯᠠᠪᠠᠢ ᠠᠵᠢᠯᠳᠠᠨ ᠠᠵᠢᠯᠴᠢᠨ ᠡᠯᠰᠡᠬᠦ ᠴᠤᠭᠯᠠᠭᠠᠨ ᠢ ᠥᠷᠨᠢᠭᠦᠯᠵᠦ᠂ ᠬᠥᠮᠦᠨ ᠬᠡᠷᠡᠭᠯᠡᠬᠦ ᠨᠢᠬᠡᠴᠢ ᠪᠣᠯᠤᠨ ᠴᠡᠷᠢᠭ ᠤᠨ ᠠᠯᠪᠠ ᠠᠴᠠ ᠬᠠᠯᠠᠭᠳᠠᠭᠰᠠᠳ ︽ᠬᠤᠶᠠᠷ ᠲᠠᠯ᠎ᠠ ᠪᠠᠷ ᠢᠶᠠᠨ ᠰᠣᠩᠭᠤᠬᠤ︾ ᠠᠵᠢᠯ ᠣᠯᠭᠤᠬᠤ ᠲᠠᠪᠴᠠᠩ ᠢ ᠪᠠᠶᠢᠭᠤᠯᠤᠨ᠂ ᠠᠵᠢᠯ ᠣᠯᠭᠤᠬᠤ ᠠᠵᠢᠯ  ᠤᠨ ᠪᠠᠶᠢᠷᠢ ᠶᠢᠨ ᠮᠡᠳᠡᠭᠡ ᠵᠠᠩᠭᠢ ᠶᠢ ᠥᠷᠭᠡᠨ ᠢᠶᠠᠷ ᠴᠤᠭᠯᠠᠭᠤᠯᠤᠨ ᠨᠡᠶᠢᠲᠡᠯᠡᠵᠦ᠂ ᠬᠦᠮᠦᠨ ᠡᠯᠰᠡᠬᠦ ᠮᠡᠳᠡᠭᠡ ᠵᠠᠩᠭᠢ ᠶᠢ ᠴᠠᠭ ᠲᠤᠬᠠᠢ ᠳᠤᠨᠢ ᠲᠡᠮᠵᠢᠭᠤᠯᠤᠨ ᠬᠦᠷᠬᠡᠪᠡ᠃ ᠣᠳᠣᠬᠠᠨ ᠪᠣᠯᠲᠠᠯ᠎ᠠ᠂ ᠰᠦᠯᠵᠢᠶᠡᠨ ᠳᠡᠭᠡᠷ᠎ᠡ 10 ᠭᠠᠷᠤᠶ ᠤᠳᠠᠭ᠎ᠠ ᠠᠵᠢᠯᠲᠠᠨ ᠠᠵᠢᠯᠴᠢᠨ ᠡᠯᠰᠡᠬᠦ ᠮᠡᠳᠡᠭᠡ ᠵᠠᠩᠭᠢ ᠨᠡᠶᠢᠲᠡᠯᠡᠵᠦ᠂ 2 ᠤᠳᠠᠭᠠᠨ ᠤ ᠲᠤᠰᠬᠠᠶ ᠲᠠᠯᠠᠪᠠᠢ ᠠᠵᠢᠯᠲᠠᠨ ᠠᠵᠢᠯᠴᠢᠨ ᠡᠯᠰᠡᠬᠦ ᠴᠤᠭᠯᠠᠭᠠᠨ ᠢ ᠡᠷᠭᠢᠯᠡᠵᠦ᠂ 1800 ᠭᠠᠷᠤᠶ ᠠᠵᠢᠯ ᠤᠨ ᠪᠠᠶᠢᠷᠢ ᠶᠢ    ᠲᠠᠨᠢᠯᠴᠠᠭᠤᠯᠵᠤ᠂ 300 ᠭᠠᠷᠤᠶ ᠬᠥᠮᠦᠨ ᠠᠵᠢᠯ ᠤᠯᠬᠤ ᠰᠠᠨᠠᠮᠵᠢ ᠲᠤᠬᠢᠷᠠᠯᠴᠠᠪᠠ᠃ ᠭᠤᠷᠪᠠ ᠳᠤ᠂ ᠱᠠᠩᠨᠠᠵᠤ ᠨᠥᠬᠦᠪᠥᠷᠢᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠢᠯᠡᠰ ᠪᠤᠰᠬᠠᠬᠤ ᠶᠢ ᠲᠡᠳᠬᠦᠵᠦ᠂ ᠪᠡᠶ᠎ᠡ ᠪᠠᠨ ᠳᠠᠭᠠᠭᠠᠵᠤ ᠦᠢᠯᠡᠰ ᠪᠤᠰᠬᠠᠬᠤ  ᠤᠷᠬᠢᠯᠤᠮ᠎ᠠ ᠬᠠᠯᠠᠭᠤᠨ ᠰᠡᠳᠬᠢᠯᠭᠡ ᠶᠢ ᠬᠥᠭᠵᠢᠭᠡᠪᠠ᠃ ︽ᠵᠠᠰᠠᠭ ᠤᠨ    ᠣᠷᠳᠣᠨ + ᠮᠥᠩᠭᠦᠨ  ᠬᠦᠢᠯᠬᠡᠬᠡᠨ + ᠴᠡᠷᠢᠭ ᠤᠨ ᠠᠯᠪᠠ ᠠᠴᠠ ᠬᠠᠯᠠᠭᠳᠠᠭᠰᠠᠳ + ᠦᠢᠯᠡᠰ ᠪᠤᠰᠬᠠᠬᠤ ᠲᠥᠷᠥᠯ ᠵᠦᠢᠯ︾ ᠤᠨ ᠦᠢᠯᠡᠴᠢᠯᠡᠬᠡᠨ ᠤ ᠵᠠᠭᠪᠤᠷ ᠢ ᠠᠰᠢᠭᠯᠠᠨ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠭᠠᠶᠢᠯᠢ ᠶᠢᠨ ᠶᠠᠪᠤᠳᠠᠯ᠂ ᠪᠠᠩᠬᠢ ᠵᠡᠷᠭᠡ ᠣᠯᠠᠨ ᠰᠠᠯᠠᠭ᠎ᠠ ᠮᠥᠴᠢᠷ ᠢ ᠵᠣᠬᠢᠴᠠᠭᠤᠯᠵᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠤ ᠠᠬᠤᠶᠢᠯᠠᠯ ᠡᠭᠦᠳᠦᠨ ᠪᠠᠶᠢᠭᠤᠯᠬᠤ ᠲᠠᠯ᠎ᠠ ᠪᠠᠷ ᠤᠷᠢᠳᠠᠪᠠᠷ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠦᠵᠡᠭᠦᠯᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠰ ᠪᠤᠰᠬᠠᠬᠤ ᠤᠷᠬᠢᠯᠤᠮ᠎ᠠ ᠬᠠᠯᠠᠭᠤᠨ ᠰᠡᠳᠬᠢᠯᠭᠡ ᠪᠠ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠪᠦᠲᠦᠮᠵᠢᠲᠡᠶ    ᠬᠥᠭᠵᠢᠭᠡᠪᠠ᠃ ︵ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号