ᠬᠥᠨᠳᠡᠯᠡᠨ ᠲᠣᠭᠤᠷᠢᠭ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠭᠠᠵᠠᠷ ᠰᠢᠷᠣᠶ ᠶᠢᠨ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2025/1/4
     ᠨᠢᠭᠡ ᠳᠤ᠂ ᠲᠠᠷᠢᠶᠠᠨ ᠭᠠᠵᠠᠷ ᠢ ᠬᠠᠮᠠᠭᠠᠯᠠᠬᠤ ᠠᠵᠢᠯ ᠢ ᠦᠨᠡᠨ ᠪᠣᠳᠠᠲᠠᠢ ᠠᠳᠬᠤᠪᠠ᠃ 1960.27 ᠾᠧᠺᠲ᠋ᠠᠷ ᠲᠠᠷᠢᠶᠠᠨ ᠭᠠᠵᠠᠷ ᠪᠠ 922.95 ᠾᠧᠺᠲ᠋ᠠᠷ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠪᠠᠲᠤ ᠰᠠᠬᠢᠪᠠ᠃ ᠲᠠᠷᠢᠶᠠᠨ ᠭᠠᠵᠠᠷ ᠤᠨ ︽ᠨᠡᠮᠡᠭᠳᠡᠬᠦ ᠪᠠ ᠬᠠᠰᠤᠬᠳᠠᠬᠤ ᠶᠢ ᠲᠡᠩᠴᠡᠭᠦᠷᠢᠲᠡᠢ ᠪᠠᠶᠢᠯᠭᠠᠬᠤ︾ ᠲᠥᠰᠦᠯ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠰᠠᠶᠢᠲᠤᠷ    ᠨᠠᠶᠢᠳᠠᠪᠤᠷᠢᠵᠢᠭᠤᠯᠵᠤ᠂ 2024 ᠣᠨ ᠳᠤ ᠲᠠᠷᠢᠶᠠᠨ ᠭᠠᠵᠠᠷ ᠤᠨ ᠬᠡᠮᠵᠢᠶ᠎ᠡ ᠶᠢ ᠲᠡᠭᠡᠷ᠎ᠡ ᠵᠢᠯ ᠤᠨ ᠬᠢ ᠠᠴᠠ 14 ᠾᠧᠺᠲ᠋ᠠᠷ ᠨᠡᠮᠡᠭᠳᠡᠭᠦᠯᠪᠠ᠃ ᠬᠤᠶᠠᠷ ᠲᠤ᠂ ᠲᠥᠯᠥᠪᠵᠢᠭᠦᠯᠭᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠲᠠᠰᠤᠷᠠᠯᠲᠠ ᠦᠭᠡᠢ ᠪᠠᠳᠠᠷᠠᠭᠤᠯᠪᠠ᠃ ᠪᠥᠬᠦ ᠵᠢᠯ ᠳᠤ ᠨᠡᠶᠢᠲᠡ 33 ᠡᠵᠡᠮᠳᠡᠯ ᠤᠨ ᠴᠢᠨᠡᠷᠳᠡᠢ ᠲᠥᠯᠥᠪᠵᠢᠭᠦᠯᠭᠡ ᠶᠢ ᠮᠡᠳᠡᠭᠦᠯᠦᠨ ᠵᠥᠪᠰᠢᠶᠡᠷᠡᠭᠦᠯᠬᠦ ᠶᠢ ᠪᠡᠶᠡᠯᠡᠭᠦᠯᠵᠦ᠂ ᠡᠭᠦᠨ ᠳᠤ ᠨᠢᠭᠡᠴᠢ ᠶᠢᠨ ᠡᠵᠡᠮᠳᠡᠯ ᠤᠨ ᠴᠢᠨᠡᠷᠳᠡᠢ ᠲᠥᠯᠥᠪᠵᠢᠭᠦᠯᠭᠡ 20᠂ ᠵᠡᠬᠡᠯᠢ ᠭᠤᠳᠤᠮᠵᠢ ᠶᠢᠨ ᠡᠵᠡᠮᠳᠡᠯ ᠤᠨ ᠴᠢᠨᠡᠷᠳᠡᠢ ᠲᠥᠯᠥᠪᠵᠢᠭᠦᠯᠭᠡ 11 ᠪᠣᠶ᠃ ᠲᠣᠰᠬᠤᠨ ᠤ ᠲᠥᠯᠥᠪᠵᠢᠭᠦᠯᠭᠡ ᠶᠢ 8 ᠨᠠᠶᠢᠷᠠᠭᠤᠯᠤᠨ ᠵᠣᠬᠢᠶᠠᠵᠤ᠂ ᠡᠭᠦᠨ ᠳᠤ ᠲᠥᠯᠥᠪᠵᠢᠭᠦᠯᠭᠡ ᠶᠢᠨ ᠦᠷ᠎ᠡ ᠪᠦᠲᠦᠭᠡᠯ 7 ᠶᠢ ᠪᠦᠷᠢᠯᠳᠦᠭᠦᠯᠵᠦ᠂ 1  ᠲᠦᠯᠦᠪᠵᠢᠬᠦᠯᠪᠡ ᠶᠢ ᠶᠠᠭ ᠨᠠᠶᠢᠷᠠᠭᠤᠯᠤᠨ ᠵᠣᠬᠢᠶᠠᠵᠤ ᠪᠠᠶᠢᠨ᠎ᠠ᠃ ᠭᠤᠷᠪᠠ ᠳᠤ᠂ ᠭᠠᠵᠠᠷ ᠰᠢᠷᠣᠶ ᠶᠢᠨ ᠡᠯᠧᠮᠧᠨ᠋ᠲ ᠤᠨ ᠪᠠᠲᠤᠯᠠᠭ᠎ᠠ ᠶᠢ ᠦᠷᠭᠦᠯᠵᠢᠯᠡᠨ ᠨᠡᠮᠡᠭᠳᠡᠭᠦᠯᠪᠡ᠃ ︽ᠭᠤᠷᠪᠠᠨ ᠲᠣᠭᠤᠷᠢᠭ ᠭᠤᠷᠪᠠᠨ ᠱᠤᠭᠤᠮ︾ ᠤᠨ ᠦᠷ᠎ᠡ ᠪᠦᠲᠦᠭᠡᠯ ᠤᠨ ᠡᠬᠢᠯᠡᠨ ᠬᠡᠷᠡᠭᠯᠡᠬᠦ ᠬᠤᠭᠤᠴᠠᠭ᠎ᠠ᠂ ᠣᠷᠣᠨ ᠵᠠᠢ ᠶᠢᠨ ᠲᠥᠯᠥᠪᠵᠢᠭᠦᠯᠭᠡ ᠶᠢᠨ ᠰᠢᠯᠵᠢᠯᠲᠡ ᠶᠢᠨ ᠬᠤᠭᠤᠴᠠᠭ᠎ᠠ᠂ ᠬᠥᠳᠡᠭᠡ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠬᠤᠭᠤᠴᠠᠭ᠎ᠠ ᠵᠡᠷᠭᠡ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠤᠨ ᠠᠰᠢᠭ ᠢ ᠵᠠᠪᠳᠤᠨ ᠠᠳᠬᠤᠵᠤ᠂ ᠲᠥᠯᠥᠪᠵᠢᠭᠦᠯᠭᠡ ᠶᠢᠨ ᠲᠠᠯ᠎ᠠ ᠠᠴᠠ ᠴᠢᠬᠤᠯᠠ ᠶᠡᠭᠡ ᠲᠥᠷᠥᠯ ᠵᠦᠢᠯ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠨᠡᠶᠢᠳᠡᠪᠦᠷᠢᠵᠢᠭᠤᠯᠪᠠ᠃ ᠴᠢᠬᠤᠯᠠ ᠶᠡᠭᠡ ᠲᠥᠷᠥᠯ  ᠵᠦᠢᠯ ᠳᠤ ᠬᠡᠷᠡᠭᠯᠡᠬᠦ ᠭᠠᠵᠠᠷ ᠰᠢᠷᠦᠢ ᠳᠤ ︽ᠲᠤᠰᠬᠠᠶ ᠠᠩᠬᠢ ᠶᠢᠨ ᠮᠠᠶ᠋ᠢᠭ︾   ᠢᠶᠠᠷ ᠠᠬᠢᠭᠤᠯᠬᠤ ᠶᠢ ᠬᠡᠷᠡᠭᠵᠢᠭᠦᠯᠵᠦ᠂ ︽ᠪᠠᠲᠤᠯᠠᠪᠠᠰᠤ ᠵᠣᠬᠢᠬᠤ ᠶᠢ ᠨᠢ ᠴᠢᠳᠠᠬᠤ ᠶᠢᠨ ᠬᠢᠷᠢ ᠪᠠᠷ ᠪᠠᠲᠤᠯᠠᠵᠤ︾ ᠪᠠᠶᠢᠬᠰᠠᠨ ᠠᠴᠠ ︽ᠪᠠᠲᠤᠯᠠᠪᠠᠰᠤ ᠵᠣᠬᠢᠬᠤ ᠶᠢ ᠨᠢ ᠲᠦᠷᠭᠡᠨ ᠪᠠᠲᠤᠯᠠᠬᠤ︾ ᠪᠣᠯᠭᠠᠨ ᠳᠡᠭᠡᠭᠰᠢᠯᠡᠭᠦᠯᠬᠦ ᠶᠢ ᠪᠡᠶᠡᠯᠡᠭᠦᠯᠵᠦ᠂ ᠭᠠᠵᠠᠷ ᠰᠢᠷᠦᠢ ᠬᠡᠷᠡᠭᠯᠡᠬᠦ ᠶᠢ ᠬᠢᠨᠠᠨ ᠵᠥᠪᠰᠢᠶᠡᠷᠡᠬᠦ ᠶᠢ ︽ᠵᠥᠪᠰᠢᠶᠡᠷᠡᠵᠦ ᠪᠤᠯᠬᠤ ᠶᠢ ᠨᠢ ᠬᠢᠨᠠᠨ ᠵᠥᠪᠰᠢᠶᠡᠷᠡᠬᠦ︾ ᠠᠴᠠ ︽ᠵᠥᠪᠰᠢᠶᠡᠷᠡᠵᠦ ᠪᠣᠯᠬᠤ ᠶᠢ ᠨᠢ ᠲᠦᠷᠭᠡᠨ ᠵᠥᠪᠰᠢᠶᠡᠷᠡᠬᠦ︾ ᠪᠣᠯᠭᠠᠨ ᠬᠤᠪᠢᠷᠠᠭᠤᠯᠪᠠ᠃ ᠪᠥᠬᠦ ᠵᠢᠯ ᠳᠤ ᠵᠠᠯᠭᠠᠯᠳᠤᠭᠤᠯᠤᠨ ᠨᠡᠭᠡᠭᠡᠨ ᠬᠥᠭᠵᠢᠭᠦᠯᠬᠦ 2 ᠲᠦᠷᠦᠯ  ᠵᠦᠪᠰᠢᠶᠡᠷᠡᠭᠳᠡᠵᠦ᠂ ᠲᠠᠯᠠᠪᠠᠶ ᠨᠢ 12170 ᠮᠥ ᠳᠤ ᠬᠦᠷᠴᠡᠶ︔ ᠵᠥᠪᠰᠢᠶᠡᠷᠡᠭᠦᠯᠦᠭᠰᠡᠨ ᠡᠯ᠎ᠡ ᠲᠥᠷᠥᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠦᠢ 14 ᠪᠦᠯᠦᠭ ᠤᠳᠠᠭ᠎ᠠ᠂ 14 ᠲᠥᠷᠥᠯ ᠵᠦᠢᠯ  ᠪᠠᠶᠢᠵᠤ᠂ ᠲᠠᠯᠠᠪᠠᠶ ᠨᠢ 13890 ᠮᠥ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 64% ᠪᠠᠷ ᠨᠡᠮᠡᠭᠳᠡᠪᠡ᠃ ︵ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号