ᠨᠢᠭᠡ ᠳᠤ᠂ ᠬᠠᠦᠯᠢ ᠲᠣᠭᠲᠠᠭᠠᠯ ᠠᠴᠠ ᠵᠥᠷᠢᠴᠡᠭᠰᠡᠨ ᠪᠠᠷᠢᠯᠭ᠎ᠠ ᠶᠢ ᠨᠤᠷᠠᠭᠠᠨ ᠨᠡᠬᠦᠯᠬᠡᠬᠦ ᠠᠵᠢᠯ ᠤᠨ ᠦᠷ᠎ᠡ | ᠪᠦᠲᠦᠮᠵᠢ ᠢᠯᠡᠳᠲᠡ ᠪᠣᠯᠪᠠ᠃ ᠪᠥᠬᠦ ᠵᠢᠯ ᠳᠤ ᠨᠡᠶᠢᠲᠡ 196 ᠭᠠᠵᠠᠷ ᠲᠠᠬᠢ ᠬᠠᠦᠯᠢ ᠲᠤᠬᠳᠠᠭᠠᠯ ᠠᠴᠠ | ᠵᠥᠷᠢᠴᠡᠨ ᠪᠥᠲᠥᠭᠡᠨ ᠪᠠᠶᠢᠭᠤᠯᠤᠬᠰᠠᠨ ᠠᠵᠢᠯᠯᠠᠭ᠎ᠠ ᠶᠢ ᠴᠡᠭᠴᠡᠯᠡᠨ ᠵᠠᠰᠠᠵᠤ᠂ ᠨᠤᠷᠠᠭᠠᠭᠰᠠᠨ ᠲᠠᠯᠠᠪᠠᠶ ᠨᠢ 4 ᠲᠦᠮᠡ | ᠭᠠᠷᠤᠶ ᠲᠡᠭᠰᠢ ᠳᠥᠷᠪᠡᠯᠵᠢᠨ ᠮᠧᠲᠷ ᠲᠤ ᠬᠦᠷᠴᠡᠶ᠃ ᠬᠤᠶᠠᠷ ᠲᠤ᠂ ᠣᠷᠴᠢᠨ ᠲᠤᠭᠤᠷᠢᠨ ᠤ ᠡᠷᠡᠭᠦᠯ | ᠬᠠᠮᠠᠭᠠᠯᠠᠯ ᠤᠨ ᠶᠠᠰᠤ ᠴᠢᠨᠠᠷ ᠪᠦᠬᠦ ᠲᠠᠯ᠎ᠠ ᠪᠠᠷ ᠳᠡᠭᠡᠭᠰᠢᠯᠡᠪᠡ᠃ ᠬᠤᠲᠠ ᠶᠢᠨ ᠲᠣᠭᠤᠷᠢᠭ ᠤᠨ ᠭᠤᠤᠯ ᠪᠠ ᠳᠡᠳ᠋ ᠵᠠᠮ | ᠱᠤᠭᠤᠮ ᠤᠨ ᠴᠡᠪᠡᠷᠯᠡᠭᠡ ᠶᠢ ᠮᠠᠰᠢᠨ ᠮᠧᠬᠠᠨᠢᠭᠵᠢᠭᠤᠯᠤᠠ ᠠᠵᠢᠯᠯᠠᠬᠤ ᠶᠢ ᠪᠦᠷᠬᠦᠬᠦᠯᠬᠦ ᠨᠤᠷᠮ᠎ᠠ ᠶᠢ 84.3% ᠠᠴᠠ | ᠳᠡᠭᠡᠭᠰᠢ ᠳᠤ ᠬᠦᠷᠭᠡᠵᠦ᠂ ᠠᠵᠢᠯᠯᠠᠬᠤ ᠦᠷ᠎ᠡ ᠪᠦᠲᠦᠮᠵᠢ ᠪᠠ ᠱᠦᠭᠦᠷᠳᠡᠡ ᠴᠡᠪᠡᠷᠯᠡᠬᠦ ᠶᠠᠰᠤ ᠴᠢᠨᠠᠷ ᠢ ᠢᠯᠡᠳᠲᠡ | ᠳᠡᠭᠡᠭᠰᠢᠯᠡᠭᠦᠯᠪᠠ᠃ ᠣᠷᠴᠢᠨ ᠲᠣᠭᠤᠷᠢᠨ ᠤ ᠠᠷᠢᠭᠤᠨ ᠴᠡᠪᠡᠷ ᠤᠨ ᠰᠠᠭᠤᠷᠢ ᠲᠦᠬᠦᠬᠡᠷᠦᠮᠵᠢ ᠶᠢ ᠤᠯᠠᠮ ᠨᠢᠭᠡ | ᠠᠯᠬᠤᠮ ᠲᠡᠭᠦᠯᠳᠡᠷᠵᠢᠭᠦᠯᠵᠦ᠂ 25 ᠨᠡᠭᠦᠳᠡᠯ ᠨᠡᠶᠢᠲᠡ ᠶᠢᠨ ᠵᠣᠷᠯᠣᠩ ᠤᠨ ᠰᠠᠭᠠᠳ ᠥᠬᠡᠶ ᠪᠠᠶᠢᠬᠤ ᠨᠠᠯᠠᠤ ᠵᠠᠮ ᠢ | ᠥᠭᠡᠷᠡᠴᠢᠯᠡᠨ ᠰᠢᠨᠡᠳᠬᠡᠵᠦ᠂ ᠬᠤᠭ ᠨᠣᠪᠰᠢ ᠶᠢ ᠠᠪᠴᠢᠭᠤᠯᠬᠤ ᠥᠷᠲᠡᠭᠡ 1᠂ ᠬᠤᠭ ᠨᠣᠪᠰᠢ ᠶᠢ ᠬᠤᠷᠢᠶᠠᠨ | ᠴᠤᠭᠯᠠᠭᠤᠯᠬᠤ ᠲᠡᠷᠭᠡ 1 ᠶᠢ ᠰᠢᠨ᠎ᠡ ᠪᠠᠷ ᠨᠡᠮᠡᠭᠳᠡᠭᠦᠯᠬᠦ ᠪᠠ ᠲᠠᠰ ᠳᠡᠪᠰᠢᠭᠦᠯᠦᠨ ᠥᠭᠡᠷᠡᠴᠢᠯᠡᠪᠠ︔ ᠪᠥᠬᠦ ᠵᠢᠯ ᠳᠤ | ᠬᠤᠲᠠ ᠶᠢᠨ ᠲᠣᠭᠤᠷᠢᠭ ᠤᠨ 24.74 ᠲᠣᠨ ᠬᠤᠭ ᠨᠣᠪᠰᠢ ᠶᠢ ᠬᠤᠤᠷ ᠥᠬᠡᠶᠢᠳᠡᠭᠦᠯᠦᠨ ᠰᠢᠢᠳᠪᠦᠷᠢᠯᠡᠪᠡ᠃ | ᠭᠤᠷᠪᠠ ᠳᠤ᠂ ᠬᠤᠲᠠ ᠶᠢᠨ ᠳᠦᠷᠢ ᠲᠥᠷᠬᠦ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠦᠷᠭᠦᠯᠵᠢᠯᠡᠨ | ᠴᠢᠩᠭᠠᠳᠬᠠᠪᠠ᠃ 28 ᠭᠠᠵᠠᠷ ᠲᠠᠬᠢ ᠭᠡᠷ ᠤᠨ ᠭᠠᠳᠠᠨᠠᠬᠢ ᠲᠣᠮᠣ ᠬᠡᠯᠪᠡᠷᠢ ᠶᠢᠨ ᠵᠠᠷ ᠮᠡᠳᠡᠭᠡ ᠶᠢ ᠰᠢᠯᠵᠢᠬᠦᠯᠦᠨ | ᠨᠤᠷᠠᠭᠠᠪᠠ᠃ 7930 ᠲᠡᠯᠬᠡᠬᠦᠷ ᠤᠨ ᠲᠡᠯᠬᠡᠬᠦᠷ ᠤᠨ ᠡᠬᠦᠳᠡᠨ ᠠᠴᠠ ᠪᠠᠨ ᠭᠠᠷᠴᠤ ᠡᠵᠡᠩᠨᠡᠯᠲᠡ ᠬᠢᠬᠦ ᠦᠵᠡᠭᠳᠡᠯ ᠢ | ᠵᠠᠰᠠᠵᠤ᠂ ᠶᠠᠪᠤᠭᠤᠯ ᠬᠤᠳᠠᠯᠳᠤᠭᠠᠴᠢᠨ ᠢ 1.19 ᠲᠦᠮᠡᠨ ᠬᠥᠮᠦᠨ ᠤᠳᠠᠭ᠎ᠠ ᠰᠢᠢᠳᠪᠦᠷᠢᠯᠡᠪᠡ᠃ ᠳᠥᠷᠪᠡ ᠳᠤ᠂ | ᠪᠠᠷᠢᠯᠭ᠎ᠠ ᠶᠢᠨ ᠬᠤᠭ ᠨᠣᠪᠰᠢ ᠶᠢ ᠵᠠᠰᠠᠭᠰᠠᠨ ᠦᠷ᠎ᠡ ᠪᠦᠲᠦᠮᠵᠢ ᠢᠯᠡᠷᠬᠡᠢ ᠪᠣᠯᠪᠠ᠃ ᠪᠠᠷᠢᠯᠭ᠎ᠠ ᠶᠢᠨ ᠬᠤᠭ | ᠨᠣᠪᠰᠢ ᠶᠢ ᠳᠡᠩᠰᠡᠯᠡᠵᠦ ᠬᠢᠨᠠᠨ ᠵᠥᠪᠰᠢᠶᠡᠷᠡᠬᠦ ᠠᠵᠢᠯ ᠡᠮᠦᠨ᠎ᠡ ᠡᠩᠨᠡᠭᠡᠨ ᠳᠤ ᠶᠠᠪᠤᠵᠤ᠂ 16 ᠬᠡᠷᠡᠭ ᠢ ᠳᠡᠩᠰᠡᠯᠡᠪᠡ᠃ | 32 ᠬᠡᠷᠡᠭ ᠢ ᠬᠡᠷᠡᠭ ᠪᠣᠯᠭᠠᠨ ᠳᠡᠩᠰᠡᠯᠡᠵᠦ᠂ 3.95 ᠲᠦᠮᠡᠨ ᠲᠥᠭᠦᠷᠢᠭ ᠢᠶᠠᠷ ᠲᠣᠷᠭᠠᠪᠠ᠃ 3 ᠭᠠᠵᠠᠷ ᠲᠠᠬᠢ | ᠲᠦᠷᠢᠮ ᠲᠤᠬᠳᠠᠭᠠᠯ ᠠᠴᠠ ᠵᠦᠷᠢᠴᠡᠵᠦ ᠪᠠᠷᠢᠯᠭ᠎ᠠ ᠶᠢᠨ ᠬᠤᠭ ᠨᠣᠪᠰᠢ ᠣᠪᠣᠭᠠᠯᠠᠬᠰᠠᠨ ᠬᠡᠷᠡᠭ ᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠵᠤ᠂ 3.45 ᠲᠦᠮᠡᠨ ᠲᠣᠨ ᠪᠠᠷᠢᠯᠭ᠎ᠠ ᠶᠢᠨ ᠬᠤᠭ ᠨᠣᠪᠰᠢ ᠶᠢ ᠴᠡᠪᠡᠷᠯᠡᠪᠡ᠃ ︵ | ᠬᠠᠤᠯᠢ ᠬᠡᠷᠡᠭᠵᠢᠭᠦᠯᠬᠦ ᠲᠣᠪᠴᠢᠶ᠎ᠠ︶ | |