ᠬᠥᠨᠳᠡᠯᠡᠨ ᠲᠣᠭᠤᠷᠢᠭ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠢᠳᠡᠪᠬᠢᠲᠡᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2025/1/4
    ᠨᠢᠭᠡ ᠳᠤ᠂ ᠨᠢᠭᠲᠠᠷᠬᠠᠰᠠᠨ ᠬᠡᠯᠪᠡᠷᠢ ᠶᠢᠨ ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠪᠠ᠃ ᠱᠠᠲᠤ ᠬᠤᠪᠢᠶᠠᠨ ᠣᠨᠣᠰᠢᠯᠠᠨ ᠡᠮᠨᠡᠬᠦ ᠦᠢᠯᠡᠴᠢᠯᠡᠬᠡᠨ ᠤ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠡᠮᠴᠢᠯᠡᠭᠡᠨ ᠤ ᠪᠦᠯᠦᠭᠯᠡᠯ ᠤᠨ ᠬᠤᠤᠰ ᠴᠢᠭᠯᠡᠯ ᠢᠶᠠᠷ ᠰᠢᠯᠵᠢᠭᠦᠯᠦᠨ ᠡᠮᠨᠡᠬᠦ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠳᠣᠷᠣᠭᠰᠢ ᠲᠣᠮᠢᠯᠠᠭᠰᠠᠨ ᠲᠤᠰᠬᠠᠶ ᠮᠡᠷᠭᠡᠵᠢᠯᠲᠡᠨ ᠢ ᠬᠥᠲᠥᠯᠥᠨ ᠵᠢᠯᠣᠭᠤᠳᠴᠤ ᠦᠨᠡᠨ ᠬᠦ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠬᠥᠳᠡᠯᠦᠯᠴᠡᠵᠦ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠠᠬᠢᠭᠤᠯᠪᠠ᠃ ᠪᠤᠭᠤᠳᠤ ᠶᠢᠨ ᠠᠨᠠᠭᠠᠬᠤ ᠤᠬᠠᠭᠠᠨ ᠤ ᠲᠡᠬᠡᠳᠦ ᠰᠤᠷᠭᠠᠭᠤᠯᠢ ᠶᠢᠨ ᠨᠢᠭᠡᠳᠦᠭᠡᠷ ᠬᠠᠷᠢᠶᠠᠲᠤ ᠡᠮᠨᠡᠯᠭᠡ ᠶᠢᠨ ᠬᠤᠷᠢᠶ᠎ᠠ ᠪᠣᠯᠤᠨ ᠪᠤᠭᠤᠲᠤ ᠶᠢᠨ ᠪᠣᠯᠣᠳ ᠲᠡᠮᠦᠷ ᠤᠨ ᠡᠮᠨᠡᠯᠭᠡ ᠶᠢᠨ ᠬᠤᠷᠢᠶ᠎ᠠ ᠶᠢᠨ ᠳᠠᠭᠠᠭᠤᠯᠤᠨ ᠵᠣᠬᠢᠶᠠᠨ ᠪᠠᠶᠢᠭᠤᠯᠤᠭᠰᠠᠨ 2 ᠨᠢᠭᠲᠠ ᠬᠡᠯᠪᠡᠷᠢ ᠶᠢᠨ ᠬᠤᠲᠠ ᠶᠢᠨ ᠡᠮᠴᠢᠯᠡᠭᠡᠨ ᠤ ᠪᠦᠯᠦᠭᠯᠡᠯ ᠨᠢ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠦᠨᠡᠨ ᠬᠦ ᠣᠯᠠᠨ ᠲᠦᠮᠡᠨ ᠤ ᠳᠡᠷᠭᠡᠳᠡ  ᠬᠦᠷᠬᠡᠪᠡ᠃ ᠣᠳᠣᠬᠠᠨ ᠪᠣᠯᠲᠠᠯ᠎ᠠ᠂  9005 ᠬᠥᠮᠦᠨ ᠤᠳᠠᠭ᠎ᠠ ᠳᠤ ᠲᠡᠭᠡᠭᠰᠢ ᠲᠤᠷᠤᠬᠰᠢ ᠰᠢᠯᠵᠢᠭᠦᠯᠦᠨ ᠣᠨᠣᠰᠢᠯᠠᠬᠤ ᠶᠢ ᠪᠡᠶᠡᠯᠡᠬᠦᠯᠵᠤ᠂ ᠳᠡᠭᠡᠳᠦ ᠱᠠᠲᠤᠨ ᠤ ᠲᠤᠰᠬᠠᠶ ᠮᠡᠷᠭᠡᠵᠢᠯᠲᠡᠨ ᠨᠡᠶᠢᠭᠡᠮ ᠲᠣᠭᠤᠷᠢᠭ ᠲᠤ ᠨᠡᠶᠢᠲᠡ 285 ᠤᠳᠠᠭ᠎ᠠ ᠡᠮᠴᠢᠯᠡᠭᠡ ᠶᠢᠨ ᠠᠵᠢᠯᠯᠠᠭ᠎ᠠ ᠦᠷᠨᠢᠬᠦᠯᠵᠤ᠂ 6259 ᠬᠥᠮᠦᠨ ᠤᠳᠠᠭ᠎ᠠ ᠶᠢ ᠡᠮᠨᠡᠨ ᠤᠨᠤᠰᠢᠯᠠᠪᠠ᠃ ᠬᠤᠶᠠᠷ ᠲᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠴᠢᠨᠠᠷ ᠰᠠᠶᠢᠲᠠᠶ ᠬᠥᠭᠵᠢᠯᠲᠡ ᠶᠢ ᠦᠷᠭᠦᠯᠵᠢᠯᠡᠨ ᠠᠬᠢᠭᠤᠯᠪᠠ᠃ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠤᠷᠢᠳᠴᠢᠯᠠᠨ ᠰᠡᠷᠭᠡᠶᠢᠯᠡᠬᠦ ᠡᠷᠡᠭᠦᠯᠵᠢᠯ ᠤᠨ ᠲᠥᠪ ᠪᠠ ᠨᠢᠭᠡᠳᠦᠭᠡᠷ ᠬᠠᠷᠢᠶᠠᠲᠤ ᠡᠮᠨᠡᠯᠭᠡ ᠶᠢᠨ ᠬᠤᠷᠢᠶ᠎ᠠ ᠶᠢᠨ ᠪᠥᠬᠦ ᠲᠠᠯ᠎ᠠ ᠶᠢᠨ ᠬᠠᠮᠲᠤᠷᠠᠯᠴᠠᠭ᠎ᠠ ᠥᠷᠨᠢᠭᠦᠯᠬᠦ ᠶᠢ ᠬᠦᠴᠦᠯᠡᠨ ᠠᠬᠢᠭᠤᠯᠵᠤ᠂ ᠡᠮᠴᠢᠯᠡᠭᠡᠨ ᠤ ᠡᠬᠢ ᠪᠠᠶᠠᠯᠢᠭ ᠢ ᠠᠮᠢᠯᠠᠭᠤᠯᠪᠠ᠃ ᠴᠠᠯᠢᠩ ᠬᠥᠯᠥᠰᠥ ᠶᠢᠨ ᠲᠦᠷᠢᠮ ᠤᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠵᠤ᠂ ᠠᠵᠢᠯ ᠤᠨ ᠪᠠᠶᠢᠷᠢ ᠪᠠᠷ ᠰᠠᠭᠤᠷᠢ ᠪᠣᠯᠭᠠᠭᠰᠠᠨ ᠬᠤᠪᠢᠶᠠᠷᠢᠯᠠᠯᠲᠠ ᠶᠢᠨ ᠲᠦᠷᠢᠮ ᠢ ᠪᠠᠶᠢᠭᠤᠯᠪᠠ᠃ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠠᠵᠢᠯ  ᠦᠢᠯᠡᠰ ᠤᠨ ᠨᠢᠭᠡᠴᠢ ᠶᠢᠨ ᠠᠵᠢᠯᠲᠠᠨ ᠡᠯᠰᠡᠬᠦ᠂ ᠬᠥᠳᠡᠭᠡ ᠲᠣᠰᠬᠤᠨ ᠤ  ᠰᠦᠢᠳᠬᠡᠯ ᠬᠤᠷᠢᠶᠠᠬᠤ ᠥᠬᠡᠶ ᠵᠠᠬᠢᠶᠠᠯᠠᠭ᠎ᠠ ᠶᠢᠨ ᠬᠠᠨᠳᠤᠯᠭ᠎ᠠ ᠲᠠᠢ ᠪᠠᠷ ᠡᠯᠰᠡᠬᠦ ᠵᠡᠷᠭᠡ ᠠᠷᠭ᠎ᠠ ᠮᠠᠶ᠋ᠢᠭ ᠢ ᠠᠪᠴᠤ᠂ 80 ᠡᠮᠴᠢᠯᠡᠭᠡᠨ ᠤ ᠬᠦᠷᠢᠶᠡᠨ ᠳᠠᠬᠢ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠠᠳᠠᠯᠢ ᠬᠤᠭᠤᠴᠠᠭᠠᠨ ᠤ ᠬᠢ ᠠᠴᠠ 3.6 ᠳᠠᠬᠢᠨ ᠨᠡᠮᠡᠭᠳᠡᠪᠡ᠃ ︽ᠤᠷᠢᠵᠤ ᠠᠪᠴᠢᠷᠠᠬᠤ᠂ ᠬᠦᠷᠭᠡᠵᠦ ᠭᠠᠷᠭᠠᠬᠤ︾ ᠶᠢ ᠤᠶᠠᠯᠳᠤᠭᠤᠯᠬᠤ ᠬᠡᠯᠪᠡᠷᠢ ᠪᠠᠷ 75 ᠲᠥᠷᠥᠯ ᠤᠨ ᠠᠨᠠᠭᠠᠬᠤ ᠤᠬᠠᠭᠠᠨ ᠤ ᠦᠷᠭᠦᠯᠵᠢᠯᠡᠯ ᠰᠤᠷᠭᠠᠨ ᠬᠥᠮᠦᠵᠢᠯ ᠤᠨ ᠲᠥᠷᠥᠯ ᠵᠦᠢᠯ ᠢ ᠠᠮᠵᠢᠯᠲᠠ ᠲᠠᠢ ᠭᠤᠶᠤᠴᠢᠯᠠᠨ ᠮᠡᠳᠡᠭᠦᠯᠪᠡ᠃ ᠭᠤᠷᠪᠠ ᠳᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠶᠢ ᠦᠷᠭᠦᠯᠵᠢᠯᠡᠨ ᠥᠷᠨᠢᠭᠦᠯᠪᠠ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯ ᠦᠢᠯᠡᠰ ᠤᠨ ᠬᠥᠭᠵᠢᠯᠲᠡ ᠶᠢ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠤᠯᠤᠰ᠂ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠢᠳᠡᠪᠬᠢᠳᠡᠢ ᠲᠡᠮᠡᠴᠡᠨ ᠣᠯᠵᠤ᠂ ᠬᠥᠨᠳᠡᠯᠡᠨ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ ᠪᠠᠨ ᠬᠤᠶᠠᠳᠤᠭᠠᠷ ᠳᠡᠰ ᠤᠨ ᠬᠢᠲᠠᠳ ᠡᠮᠨᠡᠯᠭᠡ ᠶᠢᠨ ᠬᠤᠷᠢᠶ᠎ᠠ ᠶᠢ ᠡᠭᠦᠳᠦᠨ ᠪᠠᠶᠢᠭᠤᠯᠬᠤ ᠬᠠᠷᠠᠯᠲᠠ ᠪᠠᠨ ᠪᠡᠶᠡᠯᠡᠭᠦᠯᠬᠦ ᠶᠢ ᠠᠬᠢᠭᠤᠯᠪᠠ︔ ᠰᠢᠯᠢᠳᠡᠭ ᠬᠡᠯᠪᠡᠷᠢ ᠶᠢᠨ ᠪᠠ ᠵᠢᠱᠢᠶ᠎ᠡ ᠦᠵᠡᠭᠦᠯᠬᠦ ᠬᠡᠯᠪᠡᠷᠢ ᠶᠢᠨ ᠬᠢᠲᠠᠳ ᠡᠮᠨᠡᠯᠭᠡ ᠶᠢᠨ ᠣᠷᠳᠣᠨ ᠤ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠠᠬᠢᠭᠤᠯᠵᠤ᠂ ᠡᠯ᠎ᠡ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ  ᠦᠢᠯᠡᠴᠢᠯᠡᠬᠡᠨ ᠤ ᠥᠷᠲᠡᠭᠡ᠂ ᠨᠢᠭᠡ ᠴᠣᠭᠴᠠᠵᠢᠭᠤᠯᠤᠭᠰᠠᠨ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠵᠣᠬᠢᠶᠠᠨ ᠪᠠᠶᠢᠭᠤᠯᠤᠨ ᠬᠢᠲᠠᠳ ᠡᠮᠨᠡᠯᠭᠡ ᠶᠢᠨ ᠲᠤᠭᠤᠷᠢᠭ ᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠶ ᠥᠷᠨᠢᠭᠦᠯᠪᠠ︔ ᠦᠨᠳᠦᠰᠦᠨ ᠱᠠᠲᠤᠨ ᠤ ᠪᠠᠶᠢᠩᠭᠤ ᠲᠣᠬᠢᠶᠠᠯᠳᠤᠳᠠᠭ ᠡᠪᠡᠳᠴᠢᠨ ᠣᠯᠠᠨ ᠡᠭᠦᠰᠳᠡᠭ ᠡᠪᠡᠳᠴᠢᠨ  ᠶᠢ ᠵᠠᠰᠠᠬᠤ ᠲᠤᠬᠠᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠲᠤᠬᠢᠷᠠᠮᠵᠢᠳᠠᠢ ᠮᠡᠷᠭᠡᠵᠢᠯ ᠢ ᠳᠡᠯᠭᠡᠷᠡᠭᠦᠯᠬᠦ ᠠᠵᠢᠯ ᠢ ᠥᠷᠨᠢᠭᠦᠯᠵᠦ᠂ ᠬᠥᠨᠳᠡᠯᠡᠨ ᠲᠣᠭᠤᠷᠢᠭ ᠤᠨ ᠡᠮ ᠡᠮᠨᠡᠯᠬᠡ ᠶᠢᠨ ᠲᠤᠬᠢᠷᠠᠮᠵᠢᠳᠠᠢ ᠮᠡᠷᠭᠡᠵᠢᠯ ᠢ ᠳᠡᠯᠭᠡᠷᠡᠭᠦᠯᠬᠦ ᠲᠥᠪ ᠢ ᠪᠦᠲᠦᠭᠡᠨ ᠪᠠᠶᠢᠭᠤᠯᠪᠠ᠃ ᠣᠳᠣᠬᠠᠨ ᠳᠤ ᠬᠥᠨᠳᠡᠯᠡᠨ ᠲᠣᠭᠤᠷᠢᠭ ᠤᠨ 21 ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠰᠢᠯᠢᠳᠡᠭ ᠬᠡᠯᠪᠡᠷᠢ ᠶᠢᠨ ᠬᠢᠲᠠᠳ ᠡᠮᠨᠡᠯᠭᠡ ᠶᠢᠨ ᠣᠷᠳᠣᠨ ᠢᠶᠠᠷ ᠲᠠᠨᠢᠯᠴᠠᠭᠤᠯᠬᠤ ᠪᠠᠷᠢᠮᠵᠢᠶ᠎ᠠ ᠳᠤ ᠬᠦᠷᠴᠦ᠂ ᠡᠵᠡᠯᠡᠬᠦ ᠬᠠᠷᠢᠴᠠᠯ ᠨᠢ 91% ᠪᠣᠯᠤᠨ᠎ᠠ᠃ ︵ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号