ᠬᠥᠨᠳᠡᠯᠡᠨ ᠲᠣᠭᠤᠷᠢᠭ ᠰᠢᠨ᠎ᠡ ᠶᠢ ᠡᠭᠦᠳᠴᠦ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠬᠦᠯᠦᠨ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ ᠪᠤᠢ
ᠨᠡᠶᠢᠲᠡᠯᠡᠭᠰᠡᠨ ᠴᠠᠭ᠄
2025/1/4
     ᠨᠢᠭᠡ ᠳᠤ᠂ ᠰᠤᠳᠤᠯᠤᠨ ᠨᠡᠭᠡᠭᠡᠬᠦ ᠭᠤᠤᠯ ᠴᠣᠭᠴᠠ ᠶᠢᠨ ᠢᠳᠡᠪᠬᠢᠵᠢᠯ ᠢ ᠨᠡᠮᠡᠭᠳᠡᠭᠦᠯᠪᠡ᠃ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠠᠵᠤ ᠠᠬᠤᠶᠢᠯᠠᠯ ᠢᠶᠠᠷ ᠭᠤᠤᠯ ᠴᠣᠭᠴᠠ ᠪᠣᠯᠭᠠᠭᠰᠠᠨ ᠪᠥᠬᠦ ᠨᠡᠶᠢᠭᠡᠮ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢ ᠬᠥᠲᠥᠯᠥᠨ ᠵᠢᠯᠣᠭᠤᠳᠬᠤ ᠲᠣᠭᠲᠠᠴᠠ ᠶᠢ ᠲᠡᠭᠦᠯᠳᠡᠷᠵᠢᠭᠦᠯᠪᠠ᠃ ᠪᠣᠯᠪᠠᠰᠤᠷᠠᠯ ᠬᠦᠷᠳᠡᠬᠡᠬᠦ ᠡᠷᠴᠢᠮ ᠢᠶᠠᠨ ᠴᠢᠩᠭᠠᠷᠠᠭᠤᠯᠤᠨ᠂ ᠠᠵᠤ ᠠᠬᠤᠶᠢᠯᠠᠯ ᠢ ᠵᠢᠯᠣᠭᠤᠳᠴᠤ ᠰᠤᠳᠤᠯᠤᠨ ᠨᠡᠭᠡᠭᠡᠬᠦ ᠵᠠᠷᠤᠳᠠᠯ ᠢ ᠴᠤᠭᠯᠠᠭᠤᠯᠤᠨ    ᠨᠡᠶᠢᠯᠡᠭᠦᠯᠬᠦ᠂ ᠲᠥᠷᠥᠯ ᠵᠦᠢᠯ ᠢ ᠲᠤᠬᠳᠠᠭᠠᠬᠤ᠂ ᠬᠠᠪᠰᠤᠷᠤᠮᠵᠢ ᠲᠠᠩᠰᠠ ᠪᠠᠶᠢᠭᠤᠯᠬᠤ ᠵᠡᠷᠭᠡ ᠠᠵᠢᠯ ᠢ ᠰᠠᠶᠢᠲᠤᠷ ᠬᠢᠵᠦ᠂ ᠨᠢᠭᠡ ᠨᠢᠭᠡ ᠪᠠᠷ ᠵᠢᠯᠣᠭᠤᠳᠬᠤ ᠶᠢ ᠬᠡᠷᠡᠭᠵᠢᠭᠦᠯᠦᠨ᠂ ᠪᠥᠬᠦ ᠵᠢᠯ ᠤᠨ ᠪᠥᠬᠦ ᠲᠤᠭᠤᠷᠢᠭ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ GDP ᠳᠠᠬᠢ ᠡᠵᠡᠯᠡᠬᠦ ᠬᠠᠷᠢᠴᠠᠯ ᠢ 2.05% ᠠᠴᠠ ᠳᠡᠭᠡᠭᠰᠢ ᠳᠤ  ᠬᠦᠷᠬᠡᠬᠦ ᠪᠠᠷ ᠴᠢᠷᠮᠠᠶᠢᠪᠠ᠃ ᠬᠤᠶᠠᠷ ᠲᠤ᠂ ᠰᠢᠨ᠎ᠡ ᠶᠢ ᠡᠭᠦᠳᠬᠦ ᠭᠤᠤᠯ ᠴᠣᠭᠴᠠ ᠶᠢ ᠪᠤᠶᠢᠵᠢᠭᠤᠯᠬᠤ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠨᠳᠤᠤᠰᠢᠭᠤᠯᠬᠤ ᠶᠢ ᠴᠢᠩᠭᠠᠳᠬᠠᠪᠠ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠣᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠪᠤᠶᠢᠵᠢᠭᠤᠯᠬᠤ ᠠᠵᠢᠯ ᠢ ᠴᠢᠩᠭᠠᠳᠬᠠᠵᠤ᠂ ᠲᠤᠰᠬᠠᠶᠢᠵᠢᠬᠰᠠᠨ᠂ ᠨᠠᠷᠢᠯᠢᠬᠵᠢᠬᠰᠠᠨ᠂ ᠤᠨᠴᠠᠯᠢᠬᠵᠢᠬᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠬᠥᠲᠥᠯᠥᠨ ᠵᠢᠯᠣᠭᠤᠳᠬᠤ ᠪᠠ ᠳᠡᠮᠵᠢᠬᠦ ᠪᠠᠨ ᠨᠡᠮᠡᠭᠳᠡᠭᠦᠯᠪᠠ᠃ ᠣᠳᠣᠬᠠᠨ ᠳᠤ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 18 ᠭᠤᠶᠤᠴᠢᠯᠠᠨ ᠮᠡᠳᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 109 ᠭᠤᠶᠤᠴᠢᠯᠠᠨ ᠮᠡᠳᠡᠭᠦᠯᠵᠡᠶ︔ ᠮᠤᠵᠢ ᠬᠤᠲᠠ ᠶᠢᠨ ᠲᠠᠰ ᠤᠨ ᠰᠤᠳᠤᠯᠤᠨ ᠨᠡᠭᠡᠭᠡᠬᠦ ᠲᠥᠪ᠂ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠶᠢ ᠪᠤᠶᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠮᠤᠵᠢ ᠬᠤᠲᠠ ᠶᠢᠨ ᠲᠠᠰ ᠤᠨ ᠰᠤᠳᠤᠯᠤᠨ ᠨᠡᠭᠡᠭᠡᠬᠦ ᠲᠠᠪᠴᠠᠩ 8 ᠶᠢ ᠭᠤᠶᠤᠴᠢᠯᠠᠨ ᠮᠡᠳᠡᠭᠦᠯᠵᠦ᠂ ᠮᠡᠷᠭᠡᠵᠢᠯ ᠤᠨ ᠭᠡᠷ᠎ᠡ ᠶᠢᠨ ᠠᠷᠠᠯᠵᠢᠶᠠᠨ ᠤ ᠶᠡᠷᠦᠩᠬᠡᠢ ᠬᠡᠮᠵᠢᠶ᠎ᠡ 4.05 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠭᠤᠷᠪᠠ ᠳᠤ᠂ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠳᠬᠠᠪᠠ᠃ ᠳᠡᠭᠡᠳᠦ ᠲᠠᠰ ᠤᠨ ᠴᠢᠳᠠᠪᠤᠷᠢᠲᠠᠨ ᠢ ᠬᠦᠴᠦᠯᠡᠨ ᠣᠷᠣᠭᠤᠯᠤᠨ ᠠᠪᠴᠢᠷᠠᠵᠤ᠂ ᠤᠶᠠᠨ ᠴᠢᠨᠠᠷᠲᠠᠶ ᠪᠠᠷ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠲᠥᠷᠥᠯ ᠵᠦᠢᠯ ᠢᠶᠠᠷ ᠬᠤᠯᠪᠣᠭᠠᠰᠤ ᠪᠣᠯᠭᠠᠭᠰᠠᠨ ᠳᠠᠭᠠᠭᠤᠯᠤᠭᠴᠢ ᠴᠢᠳᠠᠪᠤᠷᠢᠲᠠᠨ᠂ ᠣᠷᠦ᠋ᠢᠯᠠᠭᠰᠠᠨ ᠴᠢᠳᠠᠪᠤᠷᠢᠲᠠᠨ᠂ ᠳᠤᠲᠠᠭᠳᠠᠵᠤ ᠪᠠᠶᠢᠭ᠎ᠠ ᠴᠢᠳᠠᠪᠤᠷᠢᠲᠠᠨ ᠪᠣᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠤ ᠰᠣᠯᠢᠯᠴᠠᠨ ᠬᠠᠷᠢᠯᠴᠠᠨ ᠬᠦᠳᠡᠯᠦᠯᠴᠡᠬᠦ ᠲᠣᠭᠲᠠᠴᠠ ᠶᠢ ᠪᠠᠶᠢᠭᠤᠯᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠥᠷᠥᠯ ᠵᠦᠢᠯ᠂ ᠲᠥᠷᠥᠯ ᠵᠦᠢᠯ ᠢᠶᠠᠷ ᠴᠢᠳᠠᠪᠤᠷᠢᠲᠠᠨ ᠬᠥᠮᠦᠵᠢᠭᠦᠯᠬᠦ ᠰᠠᠶᠢᠨ ᠰᠠᠶᠢᠬᠠᠨ ᠪᠠᠶᠢᠳᠠᠯ ᠢ ᠪᠣᠶ ᠪᠤᠯᠭᠠᠪᠠ᠃ ᠣᠷᠣᠨ ᠨᠤᠲᠤᠭ ᠤᠨ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠵᠤ᠂ ᠠᠵᠤ ᠦᠢᠯᠡᠰ ᠵᠢᠭᠠᠨ ᠰᠤᠷᠭᠠᠯᠲᠠ ᠠᠭᠤᠰᠤᠯᠴᠠᠭᠰᠠᠨ᠂ ᠰᠤᠷᠭᠠᠭᠤᠯᠢ ᠠᠵᠤ ᠠᠬᠤᠶᠢᠯᠠᠯ ᠬᠠᠮᠲᠤᠷᠠᠯᠴᠠᠭᠰᠠᠨ ᠮᠡᠷᠭᠡᠵᠢᠯ ᠤᠷ᠎ᠠ ᠮᠡᠷᠬᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠵᠠᠭᠪᠤᠷ ᠪᠠᠶᠢᠭᠤᠯᠬᠤ ᠶᠢ ᠳᠡᠮᠵᠢᠵᠦ᠂ ᠶᠡᠭᠡ ᠳᠡᠭᠡᠳᠦ ᠰᠤᠷᠭᠠᠭᠤᠯᠢ ᠪᠠ ᠠᠵᠤ ᠠᠬᠤᠶᠢᠯᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠪᠠ᠃ 2024 ᠣᠨ ᠳᠤ᠂ ᠳᠡᠭᠡᠳᠦ ᠲᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠢ 13 ᠬᠥᠮᠦᠨ᠂ ᠴᠢᠳᠠᠪᠤᠷᠢᠲᠠᠨ ᠤ ᠪᠦᠯᠬᠦᠮ ᠢ 3 ᠤᠷᠤᠭᠤᠯᠤᠨ ᠠᠪᠴᠢᠷᠠᠬᠰᠠᠨ ᠪᠠ ᠬᠦᠮᠦᠵᠢᠬᠦᠯᠪᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠢᠳᠡᠷ ᠵᠠᠯᠠᠭᠤ ᠠᠵᠤ ᠠᠬᠤᠶᠢᠯᠠᠯᠲᠠᠨ ᠢ 30 ᠭᠠᠷᠤᠶ ᠬᠦᠮᠦᠨ ᠤᠳᠠᠭ᠎ᠠ ᠬᠥᠮᠦᠵᠢᠭᠦᠯᠪᠡ᠃ ᠨᠡᠶᠢᠲᠡ 60 ᠭᠠᠷᠤᠶ ᠲᠥᠷᠥᠯ ᠵᠦᠢᠯ᠂ 10 ᠭᠠᠷᠤᠶ ᠶᠡᠭᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠢ ᠵᠤᠯᠭᠠᠭᠤᠯᠪᠠ᠃ ︵ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号