1 ᠰᠠᠷ᠎ᠠ ᠶᠢᠨ 3 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠬᠤ᠋ ᠴᠢᠶᠠᠩ ᠱᠦᠵᠢ ᠶᠢᠨ | ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠲᠤᠭᠤᠷᠢᠭ ᠤᠨ ᠰᠣᠶᠣᠯ ᠵᠢᠭᠤᠯᠴᠢᠯᠠᠯ ᠤᠨ ᠠᠵᠢᠯ ᠤᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ | ᠪᠠᠶᠢᠷᠢᠯᠠᠭᠤᠯᠪᠠ᠃ | ᠲᠤᠭᠤᠷᠢᠭ ᠤᠨ ᠤᠳᠤᠷᠢᠳᠤᠯᠭ᠎ᠠ ᠵᠠᠩ ᠬᠤᠸᠠ᠂ ᠰᠤ᠋ ᠵᠢᠶᠦ᠋ᠨ᠂ ᠸᠠᠩ ᠰᠢᠤ ᠵᠢᠤᠸᠠᠨ ᠬᠤᠷᠠᠯ ᠳᠤ | ᠣᠷᠣᠯᠴᠠᠪᠠ᠃ | ᠬᠤ᠋ ᠴᠢᠶᠠᠩ᠂ ᠪᠦᠬᠦ ᠬᠤᠳᠠ ᠶᠢᠨ ᠰᠣᠶᠣᠯ ᠤᠨ ᠥᠨᠳᠦᠷᠯᠢᠭ ᠤᠨ ᠪᠦᠳᠦᠭᠡᠨ ᠪᠠᠶᠢᠭᠤᠯᠤᠯᠲᠠ ᠳᠤ | ᠰᠠᠨᠠᠭᠠᠴᠢᠯᠠᠭ᠎ᠠ ᠠᠴᠠ ᠪᠠᠨ ᠵᠣᠯᠭᠠᠭᠤᠯᠤᠨ ᠠᠭᠤᠰᠤᠯᠴᠠᠵᠤ᠂ ᠮᠠᠨ ᠤ ᠲᠤᠭᠤᠷᠢᠭ ᠤᠨ ᠪᠠᠶᠢᠭᠠᠯᠢ ᠶᠢᠨ ᠤᠤᠯ ᠠᠴᠠ | ᠪᠠᠶᠢᠬᠤ ᠤᠨᠴᠠᠭᠠᠢ ᠲᠠᠪᠠᠭᠤᠯᠢᠭ ᠪᠣᠯᠤᠨ ᠣᠷᠣᠨ ᠪᠠᠶᠢᠷᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠰᠣᠶᠣᠯ | ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠲᠦᠷᠭᠡᠳᠬᠡᠨ ᠠᠬᠢᠭᠤᠯᠵᠤ᠂ ᠤᠯᠠᠮᠵᠢᠯᠠᠯᠲᠤ | ᠬᠤᠳᠠᠯᠳᠤᠭᠠᠨ ᠤ ᠬᠡᠪ ᠵᠠᠭᠪᠤᠷ ᠡᠵᠡᠩᠨᠡᠯᠲᠡ ᠶᠢᠨ ᠬᠡᠯᠪᠡᠷᠢ ᠪᠠᠨ ᠰᠢᠨᠡᠴᠢᠯᠡᠬᠦ ᠶᠢ ᠠᠬᠢᠭᠤᠯᠵᠤ᠂ ᠬᠤᠳᠠ ᠶᠢᠨ | ᠲᠡᠬᠦᠷᠭᠡ ᠶᠢᠨ ︽ᠵᠤᠭ᠎ᠠ ᠰᠡᠯᠡᠭᠦᠴᠡᠯ ᠤᠨ ᠠᠵᠤ ᠠᠬᠤᠢ︾ ᠶᠢ ᠰᠠᠶᠢᠲᠤᠷ ᠬᠥᠭᠵᠢᠭᠦᠯᠵᠦ᠂ ᠪᠤᠯᠤᠳ ᠲᠡᠮᠤᠷ ᠤᠨ | ᠠᠵᠤ ᠦᠢᠯᠡᠳᠪᠦᠷᠢ ᠶᠢᠨ ᠵᠢᠭᠤᠯᠴᠢᠯᠠᠯ ᠵᠡᠷᠭᠡ ᠨᠡᠩ ᠤᠯᠠᠨ ᠪᠡᠶᠡᠴᠢᠯᠡᠨ ᠣᠶᠢᠯᠠᠭᠠᠬᠤ ᠮᠠᠶ᠋ᠢᠭ ᠤᠨ ᠬᠡᠷᠡᠭᠯᠡᠭᠡᠨ ᠤ | ᠦᠵᠡᠭᠳᠡᠯ ᠪᠠᠶᠢᠳᠠᠯ ᠢ ᠪᠤᠢ ᠪᠣᠯᠭᠠᠵᠤ᠂ ︽ᠢᠳᠡᠵᠤ ᠤᠤᠭᠤᠬᠤ ᠬᠤᠨᠣᠬᠯᠠᠬᠤ ᠵᠢᠭᠤᠯᠴᠢᠯᠠᠬᠤ ᠬᠤᠳᠠᠯᠳᠤᠨ ᠠᠪᠬᠤ | ᠵᠤᠭ᠎ᠠ ᠴᠡᠩᠭᠡᠯ︾ ᠵᠡᠷᠬᠡ ᠪᠦᠬᠦ ᠶᠠᠪᠤᠴᠠ ᠶᠢᠨ ᠪᠠᠲᠤᠯᠠᠭ᠎ᠠ ᠶᠢ ᠪᠦᠷᠢᠯᠳᠦᠭᠦᠯᠵᠦ᠂ ᠨᠡᠩ ᠤᠯᠠᠨ ᠬᠥᠮᠦᠰ ᠤᠨ | ᠠᠩᠬᠠᠷᠤᠯ ᠪᠠ ᠬᠡᠷᠡᠭᠯᠡᠭᠡ ᠶᠢ ᠲᠠᠲᠠᠬᠤ ᠬᠡᠷᠡᠭᠲᠡᠢ᠃ ︽ᠯᠠᠪᠳᠠᠢ ᠰᠢᠢᠳᠪᠦᠷᠢᠯᠡᠬᠦ ᠠᠷᠭ᠎ᠠ ᠪᠠᠶᠢᠬᠤ ᠰᠡᠳᠬᠢᠬᠦᠢ︾ ᠪᠠᠷ | ᠰᠤᠯᠠ ᠲᠠᠯᠪᠢᠭᠳᠠᠵᠤ ᠪᠠᠶᠢᠭ᠎ᠠ ᠡᠳ᠋ ᠬᠦᠷᠦᠩᠭᠡ ᠶᠢ ᠠᠮᠢᠯᠠᠭᠤᠯᠵᠤ᠂ ᠤᠳᠤ ᠪᠠᠶᠢᠭ᠎ᠠ ᠰᠣᠶᠣᠯ ᠵᠢᠭᠤᠯᠴᠢᠯᠠᠯ ᠤᠨ ᠡᠬᠢ | ᠪᠠᠶᠠᠯᠢᠭ ᠤᠨ ᠡᠯᠧᠮᠧᠨ᠋ᠲ ᠢ ᠴᠢᠨᠠᠭᠰᠢᠳᠠ ᠨᠡᠶᠢᠳᠬᠡᠨ ᠠᠰᠢᠭᠯᠠᠬᠤ ᠶᠢ ᠴᠢᠩᠭᠠᠳᠬᠠᠵᠤ᠂ ᠳᠠᠷᠤᠭᠳᠠᠵᠤ ᠪᠠᠶᠢᠭ᠎ᠠ ᠡᠬᠢ | ᠪᠠᠶᠠᠯᠢᠭ ᠢ ᠠᠵᠤ ᠦᠢᠯᠡᠰ ᠤᠨ ᠦᠪ ᠬᠦᠷᠦᠩᠬᠡ ᠪᠣᠯᠭᠠᠨ ᠬᠤᠪᠢᠷᠠᠭᠤᠯᠬᠤ ᠬᠡᠷᠡᠭᠲᠡᠢ᠃ ᠲᠤᠭᠤᠷᠢᠭ ᠶᠢᠨ ᠬᠠᠮᠢᠶ᠎ᠠ | ᠪᠥᠬᠦᠶ ᠤᠳᠤᠷᠢᠳᠤᠯᠭ᠎ᠠ ᠪᠣᠯᠤᠨ ᠰᠠᠯᠠᠭ᠎ᠠ ᠮᠥᠴᠢᠷ ᠤᠨ ᠬᠢᠨ ᠣᠯᠠᠨ ᠲᠦᠮᠡᠨ ᠤ ᠬᠡᠷᠡᠭᠴᠡᠭᠡ ᠪᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ᠣᠯᠠᠨ ᠡᠰᠢᠵᠢᠭᠰᠡᠨ᠂ ᠥᠪᠡᠷᠮᠢᠴᠨ ᠤᠨᠴᠠᠯᠢᠬᠵᠢᠬᠰᠠᠨ᠂ ᠴᠢᠨᠠᠷᠵᠢᠭᠰᠠᠨ᠂ ᠣᠯᠠᠨ | ᠲᠦᠮᠡᠨᠴᠢᠯᠡᠭᠰᠡᠨ ᠦᠢᠯᠡᠴᠢᠯᠡᠭᠡ ᠶᠢᠨ ᠲᠤᠭᠤᠷᠢᠨ ᠳᠤ᠂ ︽ᠪᠤᠰᠤᠳ ᠠᠴᠠ ᠨᠢᠬᠡ ᠠᠯᠬᠤᠮ ᠤᠷᠢᠲᠠᠵᠤ᠂ | ᠪᠤᠰᠤᠳ ᠠᠴᠠ ᠲᠦᠷᠭᠡᠨ ᠠᠷᠭ᠎ᠠ ᠬᠡᠮᠵᠢᠶ᠎ᠡ ᠠᠪᠬᠤ︾ ᠪᠠᠷᠠᠯᠠᠯᠲᠦ ᠴᠢᠨᠠᠷ ᠪᠣᠯᠤᠨ ᠬᠤᠷᠴᠠ ᠰᠡᠷᠭᠡᠭ ᠴᠢᠨᠠᠷ ᠢᠶᠠᠷ | ᠰᠣᠶᠣᠯ᠂ ᠵᠢᠭᠤᠯᠴᠢᠯᠠᠯ᠂ ᠤᠬᠠᠭᠤᠯᠭ᠎ᠠ ᠶᠢ ᠨᠢᠭᠡ ᠴᠣᠭᠴᠠᠵᠢᠭᠤᠯᠤᠨ ᠲᠥᠯᠥᠪᠵᠢᠭᠦᠯᠬᠦ ᠶᠢ ᠠᠬᠢᠭᠤᠯᠵᠤ᠂ | ᠤᠨᠴᠠᠯᠢᠬᠳᠤ ᠵᠢᠭᠤᠯᠴᠢᠯᠠᠯ ᠤᠨ ᠲᠥᠷᠥᠯ ᠵᠦᠢᠯ ᠢ ᠲᠦᠷᠭᠡᠨ ᠪᠠᠶᠢᠷᠢᠰᠢᠭᠤᠯᠤᠨ ᠨᠡᠭᠡᠭᠡᠨ ᠬᠥᠭᠵᠢᠭᠦᠯᠵᠦ᠂ ᠬᠥᠨᠳᠡᠯᠡᠨ | ᠲᠣᠭᠤᠷᠢᠭ ᠤᠨ ᠨᠠᠩ ᠣᠯᠠᠨ ᠨᠠᠷᠠᠲᠤ ᠰᠣᠶᠣᠯ ᠵᠢᠭᠤᠯᠴᠢᠯᠠᠯ ᠤᠨ ᠲᠥᠷᠥᠯ ᠲᠡᠮᠳᠡᠭ ᠢ ᠬᠦᠴᠦᠯᠡᠨ ᠡᠭᠦᠳᠬᠦ ᠬᠡᠷᠡᠭᠲᠡᠶ | ᠬᠡᠪᠡ᠃ ︵ᠢᠷᠡᠯᠲᠡ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶ |