2 ᠰᠠᠷ᠎ᠠ ᠶᠢᠨ 8 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠬᠤ᠋ ᠴᠢᠶᠠᠩ ᠲᠠᠬᠢᠨ | ᠡᠭᠦᠰᠴᠦ ᠪᠤᠯᠬᠤ ᠤᠰᠤᠨ ᠤ ᠬᠤᠭᠤᠯᠠᠢ ᠶᠢᠨ ᠪᠦᠲᠦᠭᠡᠨ ᠪᠠᠶᠢᠭᠤᠯᠤᠯᠲᠠ ᠵᠡᠷᠭᠡ ᠠᠮᠢ ᠠᠬᠤᠢ ᠣᠷᠴᠢᠨ ᠲᠣᠭᠤᠷᠢᠨ ᠤ | ᠲᠦᠷᠦᠯ ᠵᠦᠢᠯ ᠪᠣᠯᠤᠨ ᠶᠤᠸᠠᠢ ᠯᠢ ᠹᠠᠩ ᠵᠡᠷᠭᠡ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠲᠦᠷᠦᠯ ᠵᠦᠢᠯ ᠳᠤ | ᠬᠦᠷᠴᠦ ᠲᠤᠬᠠᠢ ᠶᠢᠨ ᠲᠠᠯᠠᠪᠠᠢ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠲᠤᠰ ᠲᠤᠰ ᠶᠠᠷᠢᠯᠴᠠᠬᠤ ᠬᠤᠷᠠᠯ | ᠬᠤᠷᠠᠯᠳᠤᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠰᠣᠶᠣᠯ ᠵᠢᠭᠤᠯᠴᠢᠯᠠᠯ ᠤᠨ ᠠᠵᠤ | ᠦᠢᠯᠡᠰ ᠤᠨ ᠬᠥᠭᠵᠢᠯᠲᠡ ᠶᠢ ᠠᠬᠢᠭᠤᠯᠬᠤ ᠲᠤᠬᠠᠢ ᠰᠤᠳᠤᠯᠪᠠ᠃ | ᠬᠤ᠋ ᠴᠢᠶᠠᠩ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠪᠠᠲᠤ | ᠰᠠᠬᠢᠵᠤ᠂ ᠭᠡᠮ ᠰᠣᠭᠤᠭ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ | ᠰᠠᠶᠢᠲᠤᠷ ᠬᠢᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠤ ᠦᠢᠯᠡᠰ ᠢ ᠢᠳᠡᠪᠬᠢᠲᠡᠢ ᠲᠥᠯᠥᠪᠵᠢᠭᠦᠯᠦᠨ | ᠬᠥᠭᠵᠢᠭᠦᠯᠵᠦ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ | ᠨᠡᠩ ᠤᠯᠠᠨ ᠦᠷ᠎ᠡ ᠪᠦᠲᠦᠮᠵᠢ ᠤᠯᠬᠤ ᠬᠡᠷᠡᠭᠲᠡᠢ᠃ ᠰᠣᠶᠣᠯ ᠵᠢᠭᠤᠯᠴᠢᠯᠠᠯ ᠤᠨ ᠠᠵᠤ ᠦᠢᠯᠡᠰ ᠤᠨ | ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠢ ᠣᠯᠵᠤ᠂ ᠲᠠᠭᠠᠭᠤᠯᠤᠬᠴᠢ ᠠᠵᠤ ᠠᠬᠤᠶᠢᠯᠠᠯ ᠤᠨ | ᠲᠦᠷᠦᠯ ᠲᠡᠮᠳᠡᠭ ᠢ ᠢᠳᠡᠪᠬᠢᠲᠡᠢ ᠣᠷᠣᠭᠤᠯᠤᠨ ᠠᠪᠴᠢᠷᠠᠵᠤ᠂ ᠰᠣᠶᠣᠯ ᠵᠢᠭᠤᠯᠴᠢᠯᠠᠯ ᠤᠨ ᠠᠭᠤᠰᠤᠯᠴᠠᠨ | ᠬᠥᠭᠵᠢᠬᠦ ᠶᠢ ᠲᠦᠷᠭᠡᠳᠬᠡᠨ ᠠᠬᠢᠭᠤᠯᠵᠤ᠂ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ ᠲᠦᠷᠦᠯ ᠵᠦᠢᠯ ᠢ | ᠬᠦᠴᠦᠯᠡᠨ ᠪᠠᠶᠢᠭᠤᠯᠬᠤ ᠬᠡᠷᠡᠭᠲᠡᠢ ᠬᠡᠵᠡᠢ᠃ | ᠲᠤᠭᠤᠷᠢᠭ ᠤᠨ ᠤᠳᠤᠷᠢᠳᠤᠯᠭ᠎ᠠ ᠸᠠᠩ ᠭᠠᠩ᠂ ᠵᠠᠩ ᠬᠤᠸᠠ᠂ ᠰᠤ᠋ ᠵᠢᠶᠦ᠋ᠨ᠂ ᠦ᠋ ᠱᠧᠨ ᠮᠦᠸᠧ᠂ ᠸᠧᠨ | ᠵᠧᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ | ᠣᠷᠣᠯᠴᠠᠪᠠ᠃ ︵ᠰᠤᠷᠪᠤᠯᠵᠢᠯᠠᠭᠴᠢ᠄ ᠰᠢᠶᠤᠤ ᠯᠢ ᠶᠢᠩ᠂ ᠯᠢᠦ ᠵᠢᠩ ᠬᠠᠨ ᠬᠢᠨᠠᠨ ᠬᠠᠷᠭᠤᠭᠤᠯᠤᠬᠰᠠᠨ ᠨᠢ᠄ | ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶ |