2 ᠰᠠᠷ᠎ᠠ ᠶᠢᠨ 9 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠬᠤ᠋ ᠴᠢᠶᠠᠩ ᠶᠢᠨ ᠷᠦᠨ ᠸᠠᠨ | ᠡᠷᠡᠭᠦᠯᠵᠢᠯ ᠠᠰᠠᠷᠠᠮᠵᠢ ᠶᠢᠨ ᠲᠥᠪ ᠵᠡᠷᠭᠡ ᠲᠦᠷᠦᠯ ᠵᠦᠢᠯ ᠳᠤ ᠬᠦᠷᠴᠦ ᠪᠠᠶᠢᠴᠠᠭᠠᠨ ᠰᠤᠳᠤᠯᠤᠯᠲᠠ ᠬᠢᠬᠦ ᠶᠢᠨ | ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠵᠤ᠂ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠤᠨ ᠬᠥᠭᠵᠢᠯᠲᠡ ᠶᠢ | ᠰᠤᠳᠤᠯᠤᠨ ᠠᠬᠢᠭᠤᠯᠪᠠ᠃ | ᠬᠤ᠋ ᠴᠢᠶᠠᠩ᠂ ᠵᠠᠬ᠎ᠠ ᠳᠡᠯᠭᠡᠭᠦᠷ ᠤᠨ ᠬᠡᠷᠡᠭᠴᠡᠭᠡ ᠪᠣᠯᠤᠨ ᠬᠡᠷᠡᠭᠯᠡᠭᠡᠨ ᠤ ᠦᠵᠡᠯᠲᠡ ᠶᠢᠨ ᠬᠤᠪᠢᠷᠠᠯᠲᠠ ᠳᠤ | ᠢᠳᠡᠪᠬᠢᠲᠡᠢ ᠵᠣᠬᠢᠴᠠᠵᠤ᠂ ᠰᠢᠨ᠎ᠡ ᠶᠢ ᠡᠭᠦᠳᠬᠦ ᠪᠠᠷ ᠬᠦᠲᠦᠯᠦᠨ ᠳᠠᠭᠠᠭᠤᠯᠬᠤ ᠶᠢ ᠴᠢᠩᠭᠠᠳᠬᠠᠵᠤ᠂ ᠭᠡᠷ ᠲᠡᠭᠡᠨ | ᠨᠠᠰᠤᠵᠢᠯ ᠤᠨ ᠠᠰᠠᠷᠠᠮᠵᠢ ᠬᠦᠷᠳᠡᠬᠦ᠂ ᠨᠡᠶᠢᠭᠡᠮ ᠲᠣᠭᠤᠷᠢᠭ᠂ ᠪᠠᠶᠢᠭᠤᠯᠤᠮᠵᠢ ᠶᠢ ᠠᠭᠤᠰᠤᠯᠴᠠᠭᠤᠯᠬᠤ ᠰᠢᠨ᠎ᠡ | ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠨᠠᠰᠤᠵᠢᠯ ᠤᠨ ᠠᠰᠠᠷᠠᠮᠵᠢ᠂ | ᠡᠮ ᠡᠮᠨᠡᠯᠭᠡ᠂ ᠰᠣᠶᠣᠯ ᠵᠢᠭᠤᠯᠴᠢᠯᠠᠯ ᠵᠡᠷᠭᠡ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠲᠦᠷᠭᠡᠳᠬᠡᠨ | ᠠᠬᠢᠭᠤᠯᠵᠤ᠂ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠪᠣᠯᠤᠨ ᠨᠠᠰᠤᠵᠢᠯ ᠤᠨ ᠠᠰᠠᠷᠠᠮᠵᠢ ᠶᠢᠨ ᠠᠵᠢᠯ | ᠦᠢᠯᠡᠰ ᠤᠨ ᠬᠠᠮᠵᠢᠯᠴᠠᠨ ᠬᠥᠭᠵᠢᠬᠦ ᠶᠢ ᠨᠡᠩ ᠤᠯᠠᠨ ᠪᠣᠳᠠᠲᠤ ᠦᠷ᠎ᠡ ᠪᠦᠲᠦᠮᠵᠢ ᠤᠯᠬᠤ ᠶᠢ ᠨᠡᠩ ᠰᠠᠶᠢᠲᠤᠷ | ᠠᠬᠢᠭᠤᠯᠬᠤ ᠬᠡᠷᠡᠭᠲᠡᠢ ᠬᠡᠵᠡᠢ᠃ | ᠲᠤᠭᠤᠷᠢᠭ ᠤᠨ ᠤᠳᠤᠷᠢᠳᠤᠯᠭ᠎ᠠ ᠯᠢᠦ ᠷᠦᠢ ᠯᠦᠩ᠂ ᠰᠤ᠋ ᠵᠢᠶᠦ᠋ᠨ ᠵᠢᠴᠢ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠪᠡ᠃ ︵ᠰᠤᠷᠪᠤᠯᠵᠢᠯᠠᠭᠴᠢ᠄ ᠰᠢᠶᠤᠤ ᠯᠢ ᠶᠢᠩ | ᠬᠢᠨᠠᠨ ᠬᠠᠷᠭᠤᠭᠤᠯᠤᠬᠰᠠᠨ ᠨᠢ᠄ ᠲᠤᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶ |