ᠰᠢᠨᠬᠤᠸᠠ ᠬᠤᠷᠢᠶ᠎ᠠ ᠶᠢᠨ ᠴᠠᠩᠴᠦ᠋ᠨ ᠤ 2 ᠰᠠᠷ᠎ᠠ ᠶᠢᠨ 8 ᠤ ᠴᠠᠭᠢᠯᠭᠠᠨ ᠮᠡᠳᠡᠭᠡ ᠲᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠭᠢᠷᠢᠨ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ | ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠳᠠᠭᠠᠨ᠂ ᠭᠢᠷᠢᠨ ᠮᠤᠵᠢ ᠨᠠᠮ ᠤᠨ ᠲᠥᠪ | ᠬᠤᠷᠢᠶ᠎ᠠ ᠶᠢᠨ ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠤᠯᠤᠰ ᠤᠨ ︽ᠲᠠᠪᠤᠨ | ᠶᠡᠭᠡ ᠠᠮᠤᠷ ᠲᠦᠪᠰᠢᠨ︾ ᠢ ᠬᠠᠮᠠᠭᠠᠯᠠᠬᠤ ᠳᠤᠮᠳᠠᠬᠢ ᠵᠡᠭᠦᠨ ᠬᠤᠶᠢᠲᠤ ᠣᠷᠣᠨ ᠤ ᠴᠢᠬᠤᠯᠠ ᠡᠭᠦᠷᠭᠡ ᠶᠢ ᠪᠠᠲᠤ ᠡᠵᠡᠮᠳᠡᠵᠦ᠂ | ᠬᠥᠭᠵᠢᠭᠦᠯᠦᠯᠲᠡ ᠶᠢᠨ ᠵᠣᠭᠰᠣᠴᠠ ᠪᠠᠨ ᠴᠢᠨᠠᠷ ᠰᠠᠶᠢᠲᠠᠢ ᠬᠥᠭᠵᠢᠯᠲᠡ ᠳᠡᠭᠡᠷ᠎ᠡ ᠲᠠᠯᠪᠢᠬᠤ ᠶᠢ ᠪᠠᠷᠢᠮᠲᠠᠯᠠᠵᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ | ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠦᠢᠯᠡᠴᠢᠯᠡᠬᠦ ᠪᠠ ᠠᠭᠤᠰᠤᠯᠴᠠᠵᠤ᠂ ᠥᠭᠡᠷᠡᠴᠢᠯᠡᠯᠲᠡ ᠨᠡᠭᠡᠭᠡᠯᠲᠡ ᠶᠢ | ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠠᠵᠠ ᠲᠣᠭᠢᠶᠠᠯ ᠢ ᠠᠳᠬᠤᠨ᠂ ᠢᠯᠠᠯᠲᠠ ᠶᠢᠨ ᠡᠷᠴᠢᠨ ᠳᠡᠭᠡᠷ᠎ᠡ ᠪᠠᠨ | ᠤᠷᠤᠭᠰᠢᠯᠠᠵᠤ᠂ ᠵᠣᠷᠢᠭᠲᠠᠢ ᠪᠠᠷ ᠰᠢᠨ᠎ᠡ ᠶᠢ ᠡᠭᠦᠳᠴᠦ᠂ ᠰᠢᠷᠭᠠᠭᠤ ᠠᠵᠢᠯᠯᠠᠨ ᠪᠣᠳᠠᠲᠠᠢ ᠠᠵᠢᠯᠯᠠᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤᠮᠳᠠ ᠨᠡᠩ ᠶᠡᠭᠡ ᠵᠢᠳᠬᠦᠯ ᠴᠢᠷᠮᠠᠶᠢᠯᠭ᠎ᠠ | ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | | 2 ᠰᠠᠷ᠎ᠠ ᠶᠢᠨ 8 ᠤ ᠦᠳᠡ ᠶᠢᠨ ᠡᠮᠦᠨ᠎ᠡ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ | ᠰᠢ ᠶᠢᠨ ᠫᠢᠩ ᠭᠢᠷᠢᠨ ᠮᠤᠵᠢ ᠶᠢᠨ ᠴᠠᠩᠴᠦ᠋ᠨ ᠬᠤᠳᠠ ᠳᠤ ᠭᠢᠷᠢᠨ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ | ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ | 2 ᠰᠠᠷ᠎ᠠ ᠶᠢᠨ 8 ᠤ ᠦᠳᠡ ᠶᠢᠨ ᠡᠮᠦᠨ᠎ᠡ᠂ ᠰᠢ ᠶᠢᠨ ᠫᠢᠩ ᠭᠢᠷᠢᠨ ᠮᠤᠵᠢ ᠶᠢᠨ ᠴᠠᠩᠴᠦ᠋ᠨ ᠬᠤᠲᠠ ᠳᠤ ᠭᠢᠷᠢᠨ | ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ | ᠰᠣᠨᠣᠰᠪᠠ᠃ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠬᠤᠸᠠᠩ ᠴᠢᠶᠠᠩ ᠬᠠᠷᠢᠭᠤ ᠮᠡᠳᠡᠭᠦᠯᠦᠯᠲᠡ ᠬᠢᠵᠦ᠂ ᠮᠤᠵᠢ ᠶᠢᠨ | ᠳᠠᠷᠤᠭ᠎ᠠ ᠬᠤ᠋ ᠢᠦᠢ ᠲᠢᠩ ᠨᠠᠷ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠵᠠᠢ᠃ | ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ᠂ ᠭᠢᠷᠢᠨ ᠤ | ᠡᠯ᠎ᠡ ᠵᠦᠢᠯ ᠤᠨ ᠠᠵᠢᠯ ᠤᠨ ᠣᠯᠣᠭᠰᠠᠨ ᠠᠮᠵᠢᠯᠲᠠ ᠶᠢ ᠨᠤᠲᠠᠯᠠᠵᠤ᠂ ᠲᠠᠷᠠᠭᠠᠴᠢ ᠶᠢᠨ ᠠᠯᠬᠤᠮ ᠤᠨ ᠠᠵᠢᠯ ᠳᠤ | ᠱᠠᠭᠠᠷᠳᠠᠯᠭ᠎ᠠ ᠳᠤᠷᠠᠳᠪᠠ᠃ | ᠰᠢ ᠶᠢᠨ ᠫᠢᠩ᠂ ᠴᠢᠨᠠᠷ ᠰᠠᠶᠢᠲᠠᠢ ᠬᠥᠭᠵᠢᠯᠲᠡ ᠨᠢ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠪᠠ ᠠᠵᠤ | ᠦᠢᠯᠡᠰ ᠤᠨ ᠲᠤᠯᠭᠠᠭᠤᠷᠢᠯᠠᠯ ᠠᠴᠠ ᠰᠠᠯᠵᠤ ᠴᠢᠳᠠᠬᠤ ᠦᠭᠡᠢ ᠶᠤᠮ᠃ ᠪᠣᠳᠠᠲᠤ ᠴᠣᠭᠴᠠ ᠶᠢᠨ ᠠᠵᠤ ᠠᠬᠤᠢ ᠭᠡᠬᠦ ᠡᠨᠡ ᠬᠦ | ᠰᠠᠭᠤᠷᠢ ᠶᠢ ᠪᠠᠲᠤ ᠰᠠᠬᠢᠵᠤ᠂ ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠬᠤ᠂ ᠳᠠᠪᠠᠭᠤᠯᠢᠭ ᠠᠵᠤ | ᠦᠢᠯᠡᠰ ᠢ ᠪᠤᠵᠠᠭᠠᠶᠢᠷᠠᠭᠤᠯᠬᠤ ᠪᠠ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠬᠤ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ᠂ ᠭᠢᠷᠢᠨ ᠤ ᠣᠨᠴᠠᠯᠢᠭ ᠢ ᠢᠯᠡᠷᠡᠭᠦᠯᠦᠭᠰᠡᠨ ᠣᠳᠣᠬᠢᠴᠢᠯᠠᠭᠰᠠᠨ ᠠᠵᠤ ᠦᠢᠯᠡᠰ ᠤᠨ | ᠰᠢᠰᠲ᠋ᠧᠮ ᠢ ᠪᠠᠶᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠠᠵᠤ | ᠦᠢᠯᠡᠰ ᠤᠨ ᠰᠢᠨ᠎ᠡ ᠡᠭᠦᠳᠦᠯᠲᠡ ᠲᠠᠢ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠵᠤ᠂ ᠰᠢᠨᠵᠢᠯᠡᠬᠦ ᠤᠬᠠᠭᠠᠨ ᠤ | ᠰᠤᠳᠤᠯᠭᠠᠨ ᠤ ᠡᠬᠢ ᠪᠠᠶᠠᠯᠢᠭ ᠪᠠ ᠬᠦᠴᠦᠨ ᠢ ᠨᠡᠶᠢᠳᠬᠡᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ | ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠰᠢᠨ᠎ᠡ ᠶᠢ ᠡᠭᠦᠳᠬᠦ ᠠᠮᠢ ᠠᠬᠤᠢ ᠶᠢ ᠰᠢᠯᠢᠳᠡᠭᠵᠢᠭᠦᠯᠵᠦ᠂ ᠨᠢᠭᠡ | ᠪᠦᠯᠦᠭ ᠴᠢᠬᠤᠯᠠ ᠶᠡᠭᠡ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠲᠤᠰᠬᠠᠢ ᠲᠦᠷᠦᠯ ᠳᠤ ᠰᠢᠨ᠎ᠡ ᠰᠢᠪᠲᠤᠯᠤᠯᠲᠠ | ᠭᠠᠷᠭᠠᠬᠤ ᠪᠠᠷ ᠴᠢᠷᠮᠠᠶᠢᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠠᠢ | ᠦᠢᠯᠡᠳᠪᠦᠷᠢᠯᠡᠯ ᠤᠨ ᠬᠦᠴᠦᠨ ᠪᠣᠯᠭᠠᠨ ᠣᠨᠳᠣᠣᠰᠢᠭᠤᠯᠬᠤ ᠶᠢ ᠠᠬᠢᠭᠤᠯᠬᠤ ᠬᠡᠷᠡᠭᠲᠡᠢ᠃ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠪᠣᠯᠣᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠨᠢᠭᠡᠳᠦᠯᠲᠡᠢ | ᠲᠥᠯᠥᠪᠵᠢᠭᠦᠯᠵᠦ᠂ ᠮᠥᠰᠥ ᠴᠠᠰᠤ᠂ ᠪᠠᠶᠢᠭᠠᠯᠢ ᠶᠢᠨ ᠥᠩᠭᠡ ᠦᠵᠡᠮᠵᠢ᠂ ᠦᠨᠳᠦᠰᠦᠲᠡᠨ ᠤ ᠵᠠᠩ ᠦᠶ᠋ᠯᠡ ᠵᠡᠷᠭᠡ | ᠣᠨᠴᠠᠯᠢᠭᠲᠤ ᠡᠬᠢ ᠪᠠᠶᠠᠯᠢᠭ ᠢ ᠠᠰᠢᠭᠯᠠᠨ ᠵᠢᠭᠤᠯᠴᠢᠯᠠᠯ ᠤᠨ ᠦᠢᠯᠡᠰ ᠢ ᠬᠥᠭᠵᠢᠭᠦᠯᠬᠦ ᠬᠡᠷᠡᠭᠲᠡᠢ᠃ ᠣᠷᠣᠨ ᠪᠦᠰᠡ ᠶᠢᠨ | ᠵᠣᠬᠢᠴᠠᠩᠭᠤᠢ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠴᠠᠩᠴᠦ᠋ᠨ ᠤ ᠣᠳᠣᠬᠢᠴᠢᠯᠠᠭᠰᠠᠨ ᠬᠤᠳᠠ ᠶᠢᠨ | ᠴᠠᠭᠠᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠵᠡᠭᠦᠨ ᠬᠤᠶᠢᠲᠤ ᠣᠷᠣᠨ ᠤ ᠪᠤᠰᠤᠳ ᠮᠤᠵᠢ ᠯᠤᠭ᠎ᠠ | ᠬᠠᠮᠵᠢᠯᠴᠠᠨ ᠬᠥᠳᠡᠯᠦᠯᠴᠡᠬᠦ ᠶᠢ ᠴᠢᠬᠤᠯᠠᠴᠢᠯᠠᠵᠤ᠂ ᠠᠭᠤᠰᠤᠯᠴᠠᠨ ᠬᠥᠭᠵᠢᠬᠦ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ ᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠥᠭᠡᠷᠡᠴᠢᠯᠡᠯᠲᠡ ᠨᠡᠭᠡᠭᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠨᠢ | ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠲᠦᠢᠯ ᠤᠨ ᠴᠢᠬᠤᠯᠠ ᠶᠤᠮ᠃ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠬᠢᠵᠠᠭᠠᠷᠯᠠᠵᠤ ᠪᠠᠶᠢᠭ᠎ᠠ | ᠲᠦᠭᠵᠢᠷᠡᠯ ᠴᠡᠭ ᠬᠤᠷᠢᠭ᠎ᠠ ᠴᠡᠭ ᠪᠣᠯᠣᠨ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠬᠦᠴᠢᠷ ᠠᠰᠠᠭᠤᠳᠠᠯ ᠳᠡᠭᠡᠷ᠎ᠡ | ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠶᠢᠨ ᠵᠥᠪᠯᠡᠬᠦ ᠰᠡᠳᠦᠪ ᠢ ᠲᠣᠬᠢᠷᠠᠭᠤᠯᠵᠤ᠂ ᠥᠭᠡᠷᠡᠴᠢᠯᠡᠯᠲᠡ ᠶᠢᠨ | ᠲᠥᠰᠥᠯ ᠢ ᠪᠦᠷᠢᠯᠳᠦᠭᠦᠯᠵᠦ᠂ ᠭᠦᠨ ᠳᠠᠪᠬᠤᠷᠭ᠎ᠠ ᠶᠢᠨ ᠵᠥᠷᠢᠴᠡᠯ ᠢ ᠬᠦᠴᠦᠯᠡᠨ ᠰᠢᠢᠳᠪᠦᠷᠢᠯᠡᠵᠦ᠂ ᠪᠠᠶᠢᠭᠤᠯᠤᠯ | ᠲᠣᠭᠲᠠᠴᠠ ᠶᠢᠨ ᠬᠠᠷᠰᠢ ᠰᠠᠭᠠᠳ ᠢ ᠠᠷᠢᠯᠭᠠᠬᠤ ᠬᠡᠷᠡᠭᠲᠡᠢ᠃ ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠴᠦ ᠲᠡᠷᠡ᠂ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠳᠤ ᠴᠤ ᠲᠡᠷᠡ᠂ ᠴᠥᠮ ᠲᠦᠷᠦ ᠶᠢᠨ ᠪᠣᠳᠣᠯᠭ᠎ᠠ | ᠲᠣᠭᠲᠠᠭᠠᠯ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠶᠢᠲᠡᠯᠢᠭ ᠵᠢᠱᠢᠶ᠎ᠡ ᠪᠠᠷ ᠵᠠᠮ ᠳᠠᠭᠠᠭᠤᠯᠬᠤ ᠶᠢ ᠴᠢᠬᠤᠯᠠᠴᠢᠯᠠᠵᠤ᠂ | ᠨᠡᠶᠢᠲᠡᠯᠢᠭ ᠴᠢᠨᠠᠷᠲᠠᠢ ᠠᠰᠠᠭᠤᠳᠠᠯ ᠢ ᠰᠢᠢᠳᠪᠦᠷᠢᠯᠡᠬᠦ ᠪᠥᠭᠡᠳ ᠥᠪᠡᠷᠮᠢᠴᠡ ᠴᠢᠨᠠᠷᠲᠠᠢ ᠠᠰᠠᠭᠤᠳᠠᠯ ᠢ ᠰᠢᠢᠳᠪᠦᠷᠢᠯᠡᠬᠦ | ᠬᠡᠷᠡᠭᠲᠡᠢ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠳᠤ ᠢᠳᠡᠪᠬᠢᠲᠡᠢ | ᠠᠭᠤᠰᠤᠯᠴᠠᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ ᠤ ᠬᠤᠳᠠᠯᠳᠤᠭ᠎ᠠ ᠡᠷᠭᠢᠯᠡᠭᠦ | ᠣᠷᠴᠢᠨ ᠨᠥᠬᠦᠴᠡᠯ ᠢ ᠪᠤᠢ ᠪᠤᠯᠭᠠᠵᠤ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠤ ᠮᠠᠶ᠋ᠢᠭ ᠤᠨ ᠠᠵᠤ ᠠᠬᠤᠢ ᠶᠢᠨ | ᠰᠢᠨ᠎ᠡ ᠪᠠᠶᠢᠭᠤᠯᠤᠯ ᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠪᠣᠯ ᠲᠠᠷᠢᠶᠠᠯᠠᠩ ᠤᠨ ᠲᠣᠮᠣ | ᠮᠤᠵᠢ᠂ ᠠᠮᠤ ᠪᠤᠳᠠᠭᠠᠨ ᠤ ᠲᠣᠮᠣ ᠮᠤᠵᠢ ᠶᠢᠨ ᠤᠯᠤᠰ ᠲᠦᠷᠦ ᠶᠢᠨ ᠬᠠᠷᠢᠭᠤᠴᠠᠯᠭ᠎ᠠ ᠮᠥᠨ᠃ ᠭᠢᠷᠢᠨ ᠤ ᠬᠢᠨ | ᠣᠳᠣᠬᠢᠴᠢᠯᠠᠭᠰᠠᠨ ᠲᠣᠮᠣ ᠲᠠᠷᠢᠶᠠᠯᠠᠩ ᠢ ᠬᠥᠭᠵᠢᠭᠦᠯᠬᠦ ᠪᠠᠷ ᠭᠤᠣᠯ ᠰᠢᠪᠲᠤᠯᠤᠯᠲᠠ ᠶᠢᠨ ᠴᠢᠭᠯᠡᠯ ᠪᠤᠯᠭᠠᠵᠤ᠂ ᠲᠠᠷᠢᠶᠠᠯᠠᠩ ᠢ | ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠵᠦ ᠲᠠᠷᠢᠶᠠᠴᠢᠳ ᠢ ᠪᠠᠶᠠᠵᠢᠭᠤᠯᠬᠤ ᠶᠢ ᠳᠡᠮᠵᠢᠬᠦ ᠪᠠᠶᠢᠭᠤᠯᠤᠯ ᠢ | ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠷᠢᠶᠠᠯᠠᠩ᠂ ᠪᠣᠬᠢᠷᠳᠤᠯ ᠦᠭᠡᠢ ᠲᠠᠷᠢᠶᠠᠯᠠᠩ᠂ ᠶᠠᠰᠤ | ᠴᠢᠨᠠᠷ ᠤᠨ ᠲᠠᠷᠢᠶᠠᠯᠠᠩ᠂ ᠲᠥᠷᠥᠯ ᠲᠡᠮᠳᠡᠭᠲᠦ ᠲᠠᠷᠢᠶᠠᠯᠠᠩ ᠢ ᠨᠢᠭᠡᠳᠦᠯᠲᠡᠢ ᠲᠥᠯᠥᠪᠵᠢᠭᠦᠯᠦᠨ ᠬᠥᠭᠵᠢᠭᠦᠯᠬᠦ ᠬᠡᠷᠡᠭᠲᠡᠢ᠃ | ᠠᠮᠢ ᠠᠬᠤᠢ ᠶᠢᠨ ᠲᠡᠵᠢᠭᠡᠨ ᠦᠷᠡᠵᠢᠭᠦᠯᠬᠦ ᠦᠢᠯᠡᠰ ᠢ ᠢᠳᠡᠪᠬᠢᠲᠡᠢ ᠬᠥᠭᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠢ | ᠨᠠᠷᠢᠯᠢᠭ ᠡᠳ᠋ᠰᠢᠭᠦᠯᠬᠦ ᠪᠠ ᠢᠳᠡᠭᠡᠨ ᠢ ᠨᠠᠷᠢᠯᠢᠭ ᠡᠳ᠋ᠰᠢᠭᠦᠯᠬᠦ ᠶᠢ ᠴᠢᠩᠭᠠᠳᠬᠠᠵᠤ᠂ ︽ᠲᠠᠷᠢᠮᠠᠯ ᠨᠢ ᠡᠬᠢᠨ ᠳᠤ | ᠪᠦᠲᠦᠭᠡᠭᠳᠡᠬᠦᠨ ᠨᠢ ᠰᠡᠭᠦᠯ ᠳᠤ︾᠂ ︽ᠮᠠᠯ ᠨᠢ ᠡᠬᠢᠨ ᠳᠤ ᠮᠢᠬ᠎ᠠ ᠨᠢ ᠰᠡᠭᠦᠯ ᠳᠤ︾᠂ ︽ᠲᠠᠷᠢᠶᠠᠯᠠᠩ ᠨᠢ ᠡᠬᠢᠨ ᠳᠤ ᠠᠵᠤ | ᠦᠢᠯᠡᠳᠪᠦᠷᠢ ᠨᠢ ᠰᠡᠭᠦᠯ ᠳᠤ︾ ᠪᠤᠯᠬᠤ ᠠᠵᠢᠯ ᠢ ᠭᠦᠢᠴᠡᠳ ᠪᠥᠭᠡᠳ ᠠᠮᠢᠳᠤᠯᠢᠭ ᠬᠢᠵᠦ᠂ ᠤᠯᠠᠨ ᠡᠰᠢᠴᠢᠯᠡᠭᠰᠡᠨ | ᠢᠳᠡᠭᠡᠨ ᠤ ᠬᠠᠩᠭᠠᠯᠭ᠎ᠠ ᠶᠢᠨ ᠰᠢᠰᠲ᠋ᠧᠮ ᠢ ᠪᠠᠶᠢᠭᠤᠯᠬᠤ ᠬᠡᠷᠡᠭᠲᠡᠢ᠃ ᠬᠤᠳᠠ ᠬᠥᠳᠡᠭᠡ ᠶᠢᠨ ᠣᠷᠣᠨ ᠵᠠᠢ ᠶᠢᠨ ᠪᠠᠶᠢᠷᠢᠰᠢᠯ᠂ | ᠠᠵᠤ ᠦᠢᠯᠡᠰ ᠤᠨ ᠬᠥᠭᠵᠢᠯᠲᠡ᠂ ᠤᠯᠠᠨ ᠨᠡᠶᠢᠲᠡ ᠶᠢᠨ ᠦᠢᠯᠡᠴᠢᠯᠡᠭᠡ᠂ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠤᠬᠠᠭᠠᠯᠠᠨ ᠲᠥᠯᠥᠪᠯᠡᠵᠦ᠂ ᠦᠢᠯᠡᠰ ᠢ ᠮᠠᠨᠳᠤᠭᠤᠯᠬᠤ᠂ ᠰᠢᠶᠠᠨ ᠢ | ᠬᠦᠴᠦᠷᠬᠡᠭᠵᠢᠭᠦᠯᠬᠦ᠂ ᠠᠷᠠᠳ ᠢ ᠪᠠᠶᠠᠵᠢᠭᠤᠯᠬᠤ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠵᠤ᠂ ᠬᠤᠳᠠ | ᠬᠥᠳᠡᠭᠡ ᠶᠢᠨ ᠬᠠᠮᠲᠤ ᠶᠢᠨ ᠬᠥᠭᠵᠢᠯ ᠴᠡᠴᠡᠭᠯᠡᠯ ᠢ ᠠᠬᠢᠭᠤᠯᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠨ | ᠰᠢᠨ᠎ᠡ ᠶᠢ ᠡᠭᠦᠳᠴᠦ᠂ ᠪᠣᠯᠪᠠᠰᠤᠨ ᠬᠥᠳᠡᠭᠡ ᠲᠣᠰᠬᠤᠨ ᠤ ᠰᠤᠷᠲᠠᠯ ᠤᠨ ᠪᠠᠶᠢᠭᠤᠯᠤᠯᠲᠠ ᠶᠢᠨ ᠲᠦᠪᠰᠢᠨ ᠢ | ᠳᠡᠭᠡᠭᠰᠢᠯᠡᠭᠦᠯᠵᠦ᠂ ᠠᠮᠤᠷ ᠠᠮᠤᠭᠤᠯᠠᠩ ᠬᠠᠤᠯᠢ ᠪᠠᠷ ᠵᠠᠰᠠᠬᠤ ᠬᠥᠳᠡᠭᠡ ᠲᠣᠰᠬᠤᠨ ᠪᠠ ᠠᠵᠢᠯᠯᠠᠵᠤ ᠠᠮᠢᠳᠤᠷᠠᠬᠤ ᠳᠤ | ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠴᠣᠭᠴᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠭᠢᠷᠢᠨ ᠪᠣᠯ ᠣᠯᠠᠨ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠪᠣᠯᠣᠨ᠎ᠠ᠃ | ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠣᠨᠣᠯ ᠪᠣᠯᠣᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠦᠭᠦ | ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠪᠦᠭᠦ ᠲᠠᠯ᠎ᠠ ᠪᠠᠷ | ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠬᠦᠴᠦᠯᠡᠨ | ᠠᠬᠢᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ | ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠵᠥᠪ ᠣᠨᠣᠪᠴᠢᠲᠠᠶ ᠤᠯᠤᠰ ᠤᠨ | ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ | ᠦᠵᠡᠯᠲᠡ ᠶᠢ ᠪᠤᠶ ᠪᠤᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠢᠨ᠎ᠡ ᠪᠠᠶᠢᠳᠠᠯ ᠢ ᠬᠦᠴᠦᠯᠡᠨ ᠡᠭᠦᠳᠬᠦ | ᠬᠡᠷᠡᠭᠲᠡᠢ᠃ ᠬᠢᠯᠢ ᠬᠢᠵᠠᠭᠠᠷ ᠣᠷᠣᠨ ᠢ ᠮᠠᠨᠳᠤᠭᠤᠯᠵᠤ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ | ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠢᠯᠢ ᠶᠢᠨ ᠠᠷᠠᠯᠵᠢᠶ᠎ᠠ᠂ ᠣᠨᠴᠠᠯᠢᠭᠲᠤ ᠠᠵᠤ ᠦᠢᠯᠡᠰ ᠢ ᠬᠥᠭᠵᠢᠭᠦᠯᠬᠦ | ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠶᠢ ᠶᠠᠮᠠᠷᠪᠠ ᠦᠶ᠎ᠡ ᠳᠤ ᠴᠦ | ᠡᠷᠬᠡᠪᠰᠢ ᠴᠢᠩᠭ᠎ᠠ ᠠᠳᠬᠤᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠨ | ᠠᠷᠢᠯᠭᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠪᠠᠶᠢᠭᠠᠯᠢ ᠶᠢᠨ ᠭᠠᠮᠰᠢᠭ ᠢ ᠤᠷᠢᠳᠴᠢᠯᠠᠨ | ᠰᠡᠷᠭᠡᠶᠢᠯᠡᠵᠦ ᠤᠷᠢᠳᠴᠢᠯᠠᠨ ᠰᠡᠷᠡᠮᠵᠢᠯᠡᠭᠦᠯᠭᠦ ᠪᠠ ᠠᠷᠭᠠᠴᠠᠭᠠᠬᠤ ᠪᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ | ᠭᠡᠮ ᠰᠣᠭᠤᠭ ᠢ ᠪᠦᠭᠦ ᠲᠠᠯ᠎ᠠ ᠪᠠᠷ ᠵᠢᠭᠰᠠᠭᠠᠨ ᠪᠠᠶᠢᠴᠠᠭᠠᠬᠤ ᠪᠠ ᠠᠷᠢᠯᠭᠠᠵᠤ᠂ ᠨᠡᠶᠢᠭᠡᠮ ᠤᠨ ᠶᠡᠭᠡ ᠲᠠᠯ᠎ᠠ ᠶᠢᠨ | ᠲᠣᠭᠲᠠᠭᠤᠨ ᠢ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠴᠢᠨᠠᠷ ᠰᠠᠶᠢᠲᠠᠢ ᠬᠥᠭᠵᠢᠯᠲᠡ ᠶᠢ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠬᠥᠲᠥᠯᠥᠨ | ᠳᠠᠭᠠᠭᠤᠯᠬᠤ ᠬᠡᠷᠡᠭᠲᠡᠢ᠃ ᠬᠥᠮᠥᠨ ᠬᠡᠷᠡᠭᠯᠡᠬᠦ ᠵᠥᠪ ᠤᠳᠤᠷᠢᠳᠤᠮᠵᠢ ᠪᠠ ᠠᠵᠢᠯ ᠤᠨ ᠵᠥᠪ ᠤᠳᠤᠷᠢᠳᠤᠮᠵᠢ ᠶᠢ ᠪᠤᠢ | ᠪᠤᠯᠭᠠᠵᠤ᠂ ᠡᠯ᠎ᠡ ᠱᠠᠲᠤᠨ ᠤ ᠺᠠᠳ᠋ᠷᠴᠤᠳ ᠢᠯᠠᠩᠭᠤᠶ᠎ᠠ ᠤᠳᠤᠷᠢᠳᠬᠤ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ | ᠵᠠᠰᠠᠭ ᠤᠨ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠦᠢᠯᠡᠳᠦᠯᠭᠡᠵᠢᠭᠦᠯᠵᠦ᠂ ᠡᠷᠳᠡᠮ ᠴᠢᠳᠠᠪᠤᠷᠢ ᠪᠠᠨ | ᠨᠡᠮᠡᠭᠳᠡᠭᠦᠯᠦᠨ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠰᠢᠯᠢᠳᠡᠭ ᠠᠮᠵᠢᠯᠲᠠ ᠪᠦᠲᠦᠮᠵᠢ | ᠭᠠᠷᠭᠠᠬᠤ ᠪᠠᠷ ᠴᠢᠷᠮᠠᠶᠢᠬᠤ ᠪᠤᠯᠭᠠᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ | ᠠᠳᠬᠤᠬᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠬᠠᠷᠢᠯᠴᠠᠨ | ᠨᠡᠪᠲᠡᠷᠡᠯᠴᠡᠭᠦᠯᠬᠦ ᠶᠢ ᠪᠠᠷᠢᠮᠲᠠᠯᠠᠵᠤ᠂ ᠡᠷᠬᠡ ᠶᠢᠨ ᠲᠣᠬᠢᠷᠠᠭᠤᠯᠤᠯᠲᠠ ᠶᠢᠨ ᠠᠵᠢᠯᠯᠠᠭᠠᠨ ᠤ ᠬᠢᠵᠠᠭᠠᠷᠯᠠᠯ ᠪᠠ ᠬᠢᠨᠠᠯᠲᠠ | ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠵᠦ᠂ ᠬᠡᠯᠪᠡᠷᠢᠴᠢ ᠦᠵᠡᠯ ᠢ ᠦᠷᠭᠦᠯᠵᠢᠯᠡᠨ ᠴᠡᠭᠴᠡᠯᠡᠨ ᠵᠠᠰᠠᠵᠤ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠦᠨ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠡᠯ ᠤᠨ | ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠺᠠᠳ᠋ᠷ ᠤᠨ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ | ᠰᠠᠬᠢᠬᠤ᠂ ᠲᠥᠪ ᠭᠤᠣᠯᠴᠢ ᠠᠷᠢᠭᠤᠨ ᠴᠢᠬᠡᠴᠢ ᠪᠠᠶᠢᠬᠤ ᠤᠷᠢᠲᠠᠯ ᠳᠣᠣᠷ᠎ᠠ ᠵᠣᠷᠢᠭᠲᠠᠢ ᠪᠠᠷ ᠠᠵᠢᠯ ᠬᠢᠬᠦ ᠶᠢ ᠠᠬᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ | ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠬᠠᠷᠢᠭᠤ ᠮᠡᠳᠡᠭᠦᠯᠦᠯᠲᠡ ᠶᠢᠨ | ᠬᠤᠷᠠᠯ ᠳᠤ ᠣᠷᠣᠯᠴᠠᠪᠠ᠃ | ᠾᠧ ᠯᠢ ᠹᠧᠩ᠂ ᠸᠠᠩ ᠰᠢᠶᠣᠣ ᠬᠤᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠵᠠᠢ᠃ |