ᠠᠷᠠᠳ ᠵᠡᠭᠡᠯᠢ ᠭᠤᠳᠤᠮᠵᠢ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠶ ᠦᠶᠯᠡᠳᠪᠦᠷᠢᠯᠡᠯ ᠤᠨ ᠭᠤᠤᠯᠳᠠᠯᠭ᠎ᠠ ᠲᠠᠢ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2025/2/12
    ᠨᠢᠭᠡ ᠳᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠲᠣᠪᠤᠶᠢᠯᠭᠠᠨ᠂ ᠭᠡᠮ ᠰᠤᠭᠤᠭ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠪᠠ᠃ ᠬᠤᠳᠠᠯᠳᠤᠭᠠᠨ ᠤ ᠲᠠᠯᠠᠪᠠᠢ ᠶᠢᠨ ᠬᠠᠮ ᠳᠡᠯᠭᠡᠭᠦᠷ᠂ ᠬᠤᠭᠤᠯᠠᠨ ᠬᠡᠷ ᠵᠣᠴᠢᠳ ᠤᠨ ᠪᠠᠭᠤᠳᠠᠯ᠂ ᠨᠠᠶᠢᠷ ᠨᠠᠭᠠᠳᠤᠮ ᠤᠨ ᠭᠠᠵᠠᠷ᠂ ᠬᠤᠸᠠᠷ ᠫᠤᠤᠵᠢᠩ ᠤᠨ ᠡᠵᠡᠩᠨᠡᠯᠲᠡ ᠶᠢᠨ ᠴᠡᠭ ᠵᠡᠷᠭᠡ 363 ᠭᠤᠣᠯᠳᠠᠯᠭ᠎ᠠ ᠲᠠᠢ ᠬᠦᠷᠢᠶᠡᠨ ᠳᠠᠬᠢ ᠬᠥᠮᠦᠨ ᠬᠠᠷ᠎ᠠ ᠤᠯᠠᠨ ᠴᠤᠭᠯᠠᠷᠠᠬᠤ ᠲᠠᠯᠠᠪᠤᠷ ᠭᠠᠵᠠᠷ ᠤᠨ ᠭᠠᠯ ᠢ ᠰᠡᠷᠬᠡᠶᠢᠯᠡᠵᠤ ᠭᠠᠯ ᠤᠨᠳᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠶᠢ ᠴᠢᠩᠭᠠᠳᠬᠠᠨ᠂ ᠭᠠᠯ ᠤᠨᠲᠠᠷᠠᠭᠠᠬᠤ ᠲᠤᠨᠤᠭ ᠲᠦᠬᠦᠭᠡᠷᠦᠮᠵᠢ ᠶᠢᠨ ᠪᠦᠷᠢᠨ ᠪᠦᠲᠦᠨ ᠪᠥᠭᠡᠳ ᠪᠦᠲᠦᠮᠵᠢᠲᠡᠶ ᠪᠠᠶᠢᠬᠤ ᠡᠰᠡᠬᠦ᠂ ᠠᠮᠤᠷ ᠲᠦᠪᠰᠢᠨ ᠢᠶᠠᠷ ᠵᠠᠶᠢᠯᠠᠬᠤ ᠭᠠᠷᠬᠤ ᠡᠭᠦᠳᠡ ᠪᠣᠯᠤᠨ ᠵᠠᠶᠢᠯᠠᠭᠤᠯᠤᠨ ᠲᠠᠷᠬᠠᠭᠠᠬᠤ ᠵᠠᠮ ᠰᠤᠪᠠᠭ ᠤᠨ ᠰᠠᠭᠠᠳ ᠦᠭᠡᠶ ᠪᠠᠶᠢᠬᠤ ᠡᠰᠡᠬᠦ᠂ ᠴᠠᠬᠢᠯᠭᠠᠨ ᠬᠡᠷᠡᠭᠯᠡᠬᠦ ᠬᠡᠢ ᠬᠡᠷᠡᠭᠯᠡᠬᠦ ᠨᠢ ᠵᠢᠷᠤᠮᠵᠢᠩᠭᠤᠢ ᠪᠠᠶᠢᠬᠤ ᠡᠰᠡᠬᠦ ᠵᠡᠷᠭᠡ ᠶᠢ ᠪᠠᠶᠢᠴᠠᠭᠠᠵᠤ᠂ ᠭᠠᠯ ᠤᠨ ᠠᠶᠤᠯ ᠤᠨ ᠭᠡᠮ ᠰᠤᠭᠤᠭ ᠢ ᠴᠠᠭ ᠲᠤᠬᠠᠶ ᠳᠤᠨᠢ ᠠᠷᠢᠯᠭᠠᠪᠠ᠃ ᠣᠳᠣᠬᠠᠨ ᠪᠣᠯᠲᠠᠯ᠎ᠠ᠂ 20 ᠠᠰᠠᠭᠤᠳᠠᠯ ᠢ ᠢᠯᠡᠷᠡᠭᠦᠯᠵᠦ᠂ ᠴᠡᠭᠴᠡᠯᠡᠨ ᠰᠠᠶᠢᠵᠢᠷᠠᠭᠤᠯᠬᠤ ᠶᠢ ᠪᠦᠬᠦᠨ ᠢ ᠪᠡᠶᠡᠯᠡᠭᠦᠯᠪᠡ᠃ ᠬᠤᠶᠠᠷ ᠲᠤ᠂ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠠᠮᠤᠷ ᠲᠦᠪᠰᠢᠨ ᠤ ᠤᠬᠠᠮᠰᠠᠷ ᠢᠶᠠᠨ ᠳᠡᠭᠡᠭᠰᠢᠯᠡᠭᠦᠯᠪᠠ᠃ ᠠᠶᠤᠯᠬᠦᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ᠂ ᠤᠬᠠᠭᠤᠯᠭ᠎ᠠ ᠶᠢᠨ ᠪᠤᠯᠤᠩ᠂ ᠸᠢᠴᠡᠲ ᠬᠤᠯᠪᠤᠭ᠎ᠠ ᠵᠡᠷᠭᠡ ᠶᠢ ᠠᠰᠢᠭᠯᠠᠨ 191 ᠤᠳᠠᠭ᠎ᠠ ᠤᠬᠠᠭᠤᠯᠵᠤ᠂ ᠤᠬᠠᠭᠤᠯᠭ᠎ᠠ ᠶᠢᠨ ᠮᠠᠲ᠋ᠧᠷᠢᠶᠠᠯ ᠢ 295 ᠬᠤᠪᠢ ᠲᠠᠷᠬᠠᠭᠠᠵᠤ᠂ ᠥᠷᠭᠡᠨ ᠣᠯᠠᠨ ᠲᠦᠮᠡᠨ ᠳᠤ ᠭᠠᠯ ᠢ ᠰᠡᠷᠬᠡᠶᠢᠯᠡᠵᠤ ᠭᠠᠯ ᠤᠨᠲᠠᠷᠠᠭᠠᠬᠤ ᠠᠮᠤᠷ ᠲᠦᠪᠰᠢᠨ᠂ ᠴᠠᠬᠢᠯᠭᠠᠨ ᠬᠡᠷᠡᠭᠯᠡᠬᠦ ᠰᠢᠲᠠᠮᠠᠬᠠᠶ ᠬᠡᠢ ᠬᠡᠷᠡᠭᠯᠡᠬᠦ ᠠᠮᠤᠷ ᠲᠦᠪᠰᠢᠨ ᠵᠡᠷᠭᠡ ᠲᠠᠯ᠎ᠠ ᠶᠢᠨ ᠮᠡᠳᠡᠯᠭᠡ ᠶᠢ ᠲᠦᠭᠡᠮᠡᠯᠵᠢᠭᠦᠯᠦᠨ᠂ ᠰᠠᠭᠤᠭᠠᠯᠢ ᠠᠷᠠᠳ ᠤᠨ ᠠᠮᠤᠷ ᠲᠦᠪᠰᠢᠨ ᠤ  ᠤᠬᠠᠮᠰᠠᠷ ᠪᠣᠯᠤᠨ ᠤᠷᠢᠳᠴᠢᠯᠠᠨ ᠰᠡᠷᠬᠡᠶᠢᠯᠡᠬᠦ ᠴᠢᠳᠠᠪᠤᠷᠢ ᠶᠢ ᠨᠢ ᠳᠡᠭᠡᠭᠰᠢᠯᠡᠭᠦᠯᠪᠡ᠃ ︵ᠠᠷᠠᠳ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号