ᠨᠢᠭᠡ ᠳᠤ᠂ ︽ᠦᠳᠡᠬᠦᠰ︾ ᠤᠨ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠰᠤ ᠠᠬᠢᠬᠰᠠᠨ᠂ | ᠭᠤᠤᠨᠢ ᠪᠡᠶ᠎ᠡ᠂ ᠭᠠᠭᠴᠠᠭᠠᠷ ᠰᠠᠭᠤᠭ᠎ᠠ ᠨᠠᠰᠤᠲᠠᠶᠢᠴᠤᠳ ᠤᠨ ᠪᠡᠶ᠎ᠡ ᠶᠢᠨ ᠪᠠᠶᠢᠳᠠᠯ ᠵᠢᠴᠢ ᠰᠡᠳᠬᠢᠴᠡ ᠶᠢᠨ | ᠬᠡᠷᠡᠭᠴᠡᠭᠡ ᠶᠢ ᠭᠤᠤᠯᠳᠠᠯᠭ᠎ᠠ ᠲᠠᠢ ᠠᠩᠬᠠᠷᠴᠤ᠂ ᠨᠠᠰᠤᠲᠠᠶᠢᠴᠤᠳ ᠲᠤ ᠰᠦᠶᠳᠬᠡᠯ ᠬᠤᠷᠢᠶᠠᠬᠤ ᠥᠬᠡᠶ ᠪᠠᠷ | ᠪᠡᠶ᠎ᠡ ᠶᠢᠨ ᠪᠠᠶᠢᠴᠠᠭᠠᠯᠲᠠ ᠬᠢᠵᠦ ᠦᠭᠬᠦ᠂ ᠡᠷᠡᠭᠦᠯ ᠮᠡᠨᠳᠦ ᠶᠢᠨ ᠲᠠᠶᠢᠯᠤᠮᠵᠢ ᠬᠢᠬᠦ ᠵᠡᠷᠭᠡ ᠠᠵᠢᠯᠯᠠᠭ᠎ᠠ ᠶᠢ 30 | ᠲᠠᠯᠠᠪᠤᠷ ᠥᠷᠨᠢᠭᠦᠯᠵᠦ᠂ 11 ᠲᠣᠰᠬᠤᠨ᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ | ᠦᠶᠯᠡᠴᠢᠯᠡᠭᠡᠨ ᠤ ᠲᠥᠪ ︵ᠥᠷᠲᠡᠭᠡ ᠴᠡᠭ︶ ᠢ ᠪᠦᠷᠢᠨ ᠪᠥᠷᠬᠦᠭᠦᠯᠬᠦ ᠶᠢ ᠪᠡᠶᠡᠯᠡᠭᠦᠯᠵᠦ᠂ ᠨᠠᠰᠤᠲᠠᠶᠢᠴᠤᠳ ᠲᠤ | ᠳᠣᠭᠢᠷᠠᠬᠤ ᠪᠣᠯᠭᠠᠨ ᠥᠭᠡᠷᠡᠴᠢᠯᠡᠬᠦ᠂ ᠬᠡᠷ ᠪᠦᠯᠢ ᠳᠠᠬᠢ ᠬᠠᠷᠠᠭᠠᠯᠵᠠᠨ ᠠᠰᠠᠷᠠᠬᠤ ᠣᠷᠣ ᠵᠡᠷᠭᠡ ᠦᠶᠯᠡᠴᠢᠯᠡᠭᠡᠨ ᠤ | ᠲᠥᠷᠥᠯ ᠵᠦᠶᠯ ᠢᠶᠠᠷ ᠳᠠᠮᠵᠢᠨ᠂ 103 ᠭᠠᠷᠤᠶ ᠡᠷᠦᠬᠡ ᠨᠠᠰᠤᠲᠠᠶᠢᠴᠤᠳ ᠲᠤ ᠥᠪᠡᠷᠮᠢᠴᠡ ᠣᠨᠴᠠᠯᠢᠭ ᠲᠠᠢ | ᠦᠶᠯᠡᠴᠢᠯᠡᠭᠡ ᠬᠠᠩᠭᠠᠪᠠ᠃ ᠬᠤᠶᠠᠷ ᠲᠤ᠂ ︽ᠨᠢᠯᠬᠠᠰ︾ ᠤᠨ ᠠᠵᠢᠯ ᠢ ᠠᠩᠬᠠᠷᠴᠤ᠂ ᠥᠪᠥᠷ ᠮᠣᠩᠭᠤᠯ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠲᠤᠷᠰᠢᠯᠲᠠ ᠶᠢᠨ ᠬᠡᠦᠬᠡᠳ ᠤᠨ | ᠴᠡᠴᠡᠷᠯᠢᠭ ᠲᠠᠬᠢ ᠲᠤᠮᠳᠠᠳᠤ ᠤᠯᠤᠰ ᠤᠨ ᠲᠡᠮᠦᠷᠯᠢᠭ ᠬᠠᠶᠢᠯᠤᠭᠤᠯᠬᠤ ᠲᠧᠭᠨᠢᠭ ᠮᠡᠷᠬᠡᠵᠢᠯ ᠤᠨ ᠠᠵᠤ | ᠦᠢᠯᠡᠳᠪᠦᠷᠢ ᠶᠢᠨ ᠪᠦᠯᠦᠭᠯᠡᠯ ᠤᠨ ᠬᠤᠪᠢᠶᠠᠷᠢ ᠴᠡᠴᠡᠷᠯᠢᠭ ᠲᠠᠢ ᠬᠠᠮᠲᠤ ᠪᠠᠷ ︽ᠬᠡᠷ ᠤᠨ ᠡᠭᠦᠳᠡᠨ ᠳᠡᠭᠡᠨ ᠦᠰᠦᠨ | ᠪᠤᠶᠢᠵᠢᠬᠤ ᠴᠡᠩᠭᠡᠯ ᠤᠨ ᠬᠦᠷᠢᠶᠡᠯᠡᠩ︾ ᠢ ᠪᠠᠶᠢᠭᠤᠯᠵᠤ᠂ 245 ᠭᠠᠷᠤᠶ ᠬᠡᠷ ᠪᠦᠯᠢ ᠶᠢᠨ ᠬᠡᠦᠬᠡᠳ ᠢᠶᠠᠨ ᠨᠠᠶᠢᠳᠠᠨ | ᠬᠥᠮᠦᠵᠢᠭᠦᠯᠬᠦ ᠬᠡᠷᠡᠭᠴᠡᠭᠡ ᠶᠢ ᠬᠠᠩᠭᠠᠪᠠ︔ ︽ᠲᠢᠶᠠᠨ ᠼᠢ ᠰᠢᠨ᠎ᠡ ᠬᠤᠳᠠ ᠨᠡᠶᠢᠭᠡᠮ ᠲᠣᠭᠤᠷᠢᠭ ᠤᠨ ᠨᠡᠭᠦᠳᠡᠯ | ᠬᠡᠦᠬᠡᠳ ᠲᠤ ᠦᠢᠯᠡᠴᠢᠯᠡᠬᠦ ᠬᠤᠳᠠ ᠶᠢᠨ ᠠᠭᠤᠰᠤᠯᠴᠠᠬᠤ ᠲᠤᠷᠰᠢᠯᠲᠠ ᠶᠢᠨ ᠴᠡᠭ︾ ᠢ ᠪᠠᠶᠢᠭᠤᠯᠵᠤ᠂ ᠨᠡᠶᠢᠭᠡᠮ ᠤᠨ | ᠨᠡᠶᠢᠲᠡ ᠶᠢᠨ ᠠᠰᠠᠷᠠᠮᠵᠢ ᠶᠢᠨ ᠵᠣᠬᠢᠶᠠᠨ ᠪᠠᠶᠢᠭᠤᠯᠤᠯᠲᠠ ᠲᠠᠢ ᠬᠠᠮᠲᠤᠷᠠᠨ ︽ᠪᠢᠴᠢᠬᠠᠨ ᠪᠤᠭᠤ ᠦᠰᠦᠨ ᠪᠤᠶᠢᠵᠢᠬᠤ | ᠬᠠᠶᠢᠨ ᠰᠦᠪᠡᠭᠴᠢᠯᠡᠬᠦ ᠬᠤᠸᠠᠷᠠᠨ︾ ᠵᠡᠷᠭᠡ ᠭᠤᠣᠯ ᠰᠡᠳᠦᠪᠲᠦ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡᠨ ᠤ | ᠠᠵᠢᠯᠯᠠᠭ᠎ᠠ ᠶᠢ 10 ᠭᠠᠷᠤᠢ ᠤᠳᠠᠭ᠎ᠠ ᠥᠷᠨᠢᠭᠦᠯᠵᠦ᠂ 550 ᠭᠠᠷᠤᠢ ᠬᠥᠮᠦᠨ ᠤᠳᠠᠭ᠎ᠠ ᠳᠤ ᠠᠰᠢᠭ ᠬᠦᠷᠲᠡᠭᠡᠪᠡ᠃ | |