ᠬᠥᠨᠳᠡᠯᠡᠨ ᠲᠣᠭᠤᠷᠢᠭ ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠤᠨ ᠪᠠᠲᠤᠯᠠᠵᠤ᠂ ᠤᠯᠠᠨ ᠲᠦᠮᠡᠨ ᠤ  ᠵᠢᠷᠭᠠᠯᠲᠦ ᠲᠦᠷᠦᠭᠳᠡᠯ ᠢ ᠲᠣᠭᠲᠠᠭᠤᠨ ᠢᠶᠠᠷ ᠨᠡᠮᠡᠭᠳᠡᠬᠦᠯᠪᠡ
ᠨᠡᠶᠢᠲᠡᠯᠡᠭᠰᠡᠨ ᠴᠠᠭ᠄
2025/2/12
    ᠨᠢᠭᠡ ᠳᠤ᠂ ᠰᠤᠷᠭᠠᠨ ᠬᠥᠮᠦᠵᠢᠯ ᠤᠨ ᠥᠨᠳᠦᠷᠯᠢᠭ ᠤᠨ ᠪᠥᠲᠥᠭᠡᠨ ᠪᠠᠶᠢᠭᠤᠯᠤᠯᠲᠠ ᠦᠯᠡᠮᠵᠢ ᠦᠷ᠎ᠡ ᠪᠦᠲᠦᠭᠡᠯ ᠣᠯᠵᠤ᠂ ᠰᠢᠨ᠎ᠡ ᠴᠠᠭ ᠦᠶ᠎ᠡ ᠶᠢᠨ ᠬᠡᠦᠬᠡᠳ ᠤᠨ ᠴᠡᠴᠡᠷᠯᠢᠭ᠂ ᠪᠤᠯᠤᠳ ᠲᠡᠮᠦᠷ ᠵᠡᠬᠡᠯᠢ ᠳᠠᠬᠢ ᠭᠤᠷᠪᠠᠳᠤᠭᠠᠷ ᠪᠠᠭ᠎ᠠ ᠰᠤᠷᠭᠠᠭᠤᠯᠢ ᠶᠢᠨ ᠡᠮᠦᠨ᠎ᠡ ᠲᠣᠭᠤᠷᠢᠭ ᠵᠡᠷᠭᠡ 4 ᠰᠤᠷᠭᠠᠭᠤᠯᠢ ᠠᠰᠢᠭᠯᠠᠯᠲᠠ ᠳᠤ ᠣᠷᠣᠵᠤ᠂ 4000 ᠭᠠᠷᠤᠶ ᠰᠤᠷᠤᠬᠴᠢ ᠶᠢᠨ ᠤᠷᠤ ᠶᠢ ᠰᠢᠨ᠎ᠡ ᠪᠠᠷ ᠨᠡᠮᠡᠭᠳᠡᠭᠦᠯᠦᠨ᠂ ᠪᠥᠬᠦ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠲᠤᠭᠤᠷᠢᠭ ᠵᠡᠷᠭᠡ 4 ᠵᠦᠶᠯ ᠤᠨ ᠤᠯᠤᠰ ᠤᠨ ᠲᠠᠰ ᠤᠨ ᠢᠷᠠᠭᠤ ᠠᠯᠳᠠᠷ ᠢ ᠭᠥᠷᠳᠡᠪᠡ᠃ ᠬᠤᠶᠠᠷ ᠲᠤ᠂ ᠡᠮᠨᠡᠯᠬᠡ ᠶᠢᠨ ᠥᠨᠳᠦᠷᠯᠢᠭ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠪᠤᠭᠤᠳᠤ ᠶᠢᠨ ᠠᠨᠠᠭᠠᠬᠤ ᠤᠬᠠᠭᠠᠨ ᠤ ᠲᠡᠬᠡᠳᠦ ᠰᠤᠷᠭᠠᠭᠤᠯᠢ ᠶᠢᠨ ᠨᠢᠭᠡᠳᠦᠭᠡᠷ ᠬᠠᠷᠢᠶᠠᠲᠤ ᠡᠮᠨᠡᠯᠬᠡ ᠶᠢᠨ ᠬᠤᠷᠢᠶ᠎ᠠ ᠶᠢᠨ ᠬᠤᠶᠢᠲᠤ ᠡᠮᠨᠡᠯᠬᠡ ᠶᠢᠨ ᠬᠤᠷᠢᠶ᠎ᠠ ᠶᠢᠨ ᠲᠣᠭᠤᠷᠢᠭ ᠢ ᠠᠰᠢᠭᠯᠠᠯᠲᠠ ᠳᠤ ᠣᠷᠣᠭᠤᠯᠤᠨ᠂ ᠬᠠᠷᠢᠶ᠎ᠠ ᠤᠷᠤᠨ ᠤ ᠭᠤᠷᠪᠠᠳᠤᠭᠠᠷ ᠲᠡᠰ ᠤᠨ ᠬᠥᠬᠡ ᠲᠠᠰ ᠤᠨ ᠡᠮᠨᠡᠯᠭᠡ ᠶᠢᠨ ᠬᠤᠷᠢᠶ᠎ᠠ ᠳᠤ ᠲᠦᠰᠢᠭᠯᠡᠨ ᠤᠯᠤᠰ ᠤᠨ 4 ᠡᠮᠴᠢᠯᠡᠭᠡᠨ ᠤ ᠭᠤᠤᠯᠳᠠᠯᠭ᠎ᠠ ᠲᠠᠢ ᠲᠤᠰᠬᠠᠶ ᠰᠠᠯᠠᠭ᠎ᠠ᠂ ᠥᠪᠡᠷᠲᠡᠭᠡᠨ ᠵᠠᠰᠠᠬᠤ ᠣᠷᠣᠨ ᠤ 7 ᠭᠤᠤᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ ᠶᠢ ᠬᠥᠭᠵᠢᠭᠦᠯᠪᠡ᠃ ᠭᠤᠷᠪᠠ ᠳᠤ᠂ ᠰᠣᠶᠣᠯ ᠤᠨ ᠥᠨᠳᠦᠷᠯᠢᠭ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠢ ᠵᠢᠩᠬᠢᠨᠢ ᠪᠠᠷ ᠠᠰᠢᠬᠯᠠᠯᠳᠠ ᠳᠤ ᠤᠷᠤᠭᠤᠯᠵᠤ᠂ ᠪᠤᠭᠤᠳᠤ ᠬᠤᠳᠠ ᠶᠢᠨ ᠶᠤᠸᠠᠢ ᠯᠢ ᠹᠠᠩ ︽ᠨᠤᠮ ᠤᠨ ᠬᠡᠰᠢᠭᠲᠦ ᠤᠮᠠᠷᠠᠲᠤ ᠬᠢᠯᠢ︾   ᠨᠢ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠠᠵᠤ ᠦᠶᠯᠡᠰ ᠤᠨ ᠭᠤᠤᠯᠳᠠᠯᠭ᠎ᠠ ᠲᠠᠢ ᠲᠥᠷᠥᠯ ᠵᠦᠶᠯ ᠤᠨ ᠨᠡᠷᠡᠰ ᠲᠤ ᠣᠷᠣᠵᠤ᠂ 2024 ᠣᠨ ᠤ ᠪᠥᠬᠦ ᠤᠯᠤᠰ ᠤᠨ ︽ᠨᠤᠮ ᠤᠨ ᠬᠡᠰᠢᠭᠲᠦ ᠬᠤᠲᠠ︾ ᠪᠠᠷ ᠦᠨᠡᠯᠡᠭᠳᠡᠪᠡ᠃ ᠳᠥᠷᠪᠡ ᠳᠤ᠂ ︽ᠦᠳᠡᠬᠦᠰ ᠪᠠ ᠨᠢᠯᠬᠠᠰ︾ ᠤᠨ ᠠᠵᠢᠯ ᠢ ᠰᠢᠨ᠎ᠡ ᠶᠢ ᠡᠭᠦᠳᠦᠨ ᠥᠷᠨᠢᠭᠦᠯᠪᠠ᠃ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ︽ᠤᠶᠤᠨᠲᠤ ᠨᠠᠰᠤᠵᠢᠯ ᠤᠨ ᠠᠰᠠᠷᠠᠮᠵᠢ ᠶᠢᠨ ᠬᠤᠭᠤᠯᠠᠨ ᠲᠢᠩᠬᠢᠮ︾ ᠢ ᠠᠰᠢᠭᠯᠠᠯᠲᠠ ᠳᠤ ᠣᠷᠣᠭᠤᠯᠵᠤ᠂ 10 ︽ᠰᠢᠭᠢᠳᠬᠡᠯ ᠮᠠᠶ᠋ᠢᠭ︾ ᠤᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ ᠵᠠᠬ᠎ᠠ ᠳᠡᠯᠭᠡᠭᠦᠷᠴᠢᠯᠡᠨ ᠡᠵᠡᠩᠨᠡᠭᠦᠯᠪᠡ︔ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠬᠡᠦᠬᠡᠳ ᠢ ᠡᠷᠡᠭᠦᠯᠵᠢᠭᠦᠯᠬᠦ ᠬᠤᠯᠪᠣᠭᠠᠲᠤ ᠴᠣᠭᠴᠠ ᠶᠢ ᠪᠠᠶᠢᠭᠤᠯᠪᠠ᠃ ᠪᠥᠬᠦ ᠲᠤᠭᠤᠷᠢᠭ ᠤᠨ ᠠᠷᠠᠳ ᠤᠨ ᠠᠮᠢᠳᠤᠷᠠᠯ ᠤᠨ ᠲᠤᠬᠠᠢ ᠵᠠᠷᠤᠯᠭ᠎ᠠ 47 ᠳ᠋ᠦᠩᠰᠢᠭᠤᠷ ᠲᠥᠭᠦᠷᠢᠭ ᠲᠤ ᠬᠦᠷᠴᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 84.3% ᠶᠢ ᠡᠵᠡᠯᠡᠪᠡ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号