2 ᠰᠠᠷ᠎ᠠ ᠶᠢᠨ 10 ᠤ ᠡᠳᠦᠷ᠂ ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢ ᠶᠢᠰᠦᠳᠦᠭᠡᠷ ᠤᠳᠠᠭ᠎ᠠ ᠶᠢᠨ | ᠬᠤᠷᠠᠯ ᠬᠤᠷᠠᠯᠳᠤᠭᠤᠯᠪᠠ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠬᠢᠯᠡᠭᠴᠢ ᠵᠧᠦ ᠮᠢᠨ ᠵᠢᠶᠧ᠂ ᠳᠡᠳ᠋ ᠡᠷᠬᠢᠯᠡᠭᠴᠢ ᠬᠤ᠋ ᠰᠢᠶᠠ᠂ ᠯᠢᠦ ᠯᠢ ᠰᠢᠶᠠ᠂ ᠬᠠᠰᠪᠢᠯᠢᠭ᠌ ᠵᠢᠴᠢ | ᠭᠡᠰᠢᠭᠦᠨ 33 ᠬᠥᠮᠦᠨ ᠬᠤᠷᠠᠯ ᠳᠤ ᠣᠷᠣᠯᠴᠠᠵᠠᠢ᠃ ᠬᠤ᠋ ᠰᠢᠶᠠ ᠬᠤᠷᠠᠯ ᠢ ᠡᠷᠭᠢᠯᠡᠪᠡ᠃ | | ᠲᠣᠭᠤᠷᠢᠭ ᠤᠨ ᠳᠡᠳ᠋ ᠳᠠᠷᠤᠭ᠎ᠠ ᠸᠠᠩ ᠰᠢᠤ ᠵᠢᠤᠸᠠᠨ᠂ ᠲᠣᠭᠤᠷᠢᠭ ᠤᠨ ᠠᠷᠠᠳ ᠤᠨ ᠪᠠᠶᠢᠴᠠᠭᠠᠬᠤ | ᠬᠤᠷᠢᠶᠠᠨ ᠤ ᠪᠠᠶᠢᠴᠠᠭᠠᠬᠤ ᠳᠠᠷᠤᠭ᠎ᠠ ᠯᠢᠦ ᠵᠢᠶᠦ᠋ᠩ᠂ ᠲᠣᠭᠤᠷᠢᠭ ᠤᠨ ᠬᠢᠨᠠᠨ ᠪᠠᠶᠢᠴᠠᠭᠠᠬᠤ ᠵᠥᠪᠯᠡᠯ ᠤᠨ ᠬᠠᠮᠢᠶ᠎ᠠ | ᠪᠥᠬᠦᠶ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠶ᠃ | ᠬᠤᠷᠠᠯ ᠠᠴᠠ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠲᠦᠷᠢᠮ ᠤᠨ | ᠵᠥᠪᠯᠡᠯ ᠤᠨ ︽ᠬᠥᠨᠳᠡᠯᠡᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠪᠠᠶᠢᠴᠠᠭᠠᠬᠤ ᠪᠠᠶᠢᠭᠤᠯᠭ᠎ᠠ ᠶᠢᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠠᠵᠢᠯ ᠢ ᠴᠢᠩᠭᠠᠳᠬᠠᠬᠤ | ᠲᠤᠬᠠᠶ ᠲᠣᠭᠲᠠᠭᠠᠯ︾ ᠳᠤ ᠵᠠᠰᠠᠪᠤᠷᠢ ᠣᠷᠣᠭᠤᠯᠬᠤ ᠪᠠᠷ ᠳᠡᠪᠰᠢᠭᠦᠯᠬᠦ ᠲᠤᠬᠠᠶ ᠰᠠᠨᠠᠯ ᠵᠥᠪᠯᠡᠯᠭᠡ᠂ ᠮᠢᠶᠣᠣ ᠶᠣᠣ | ᠭᠤᠸᠠᠩ ᠤᠨ ᠪᠤᠭᠤᠲᠤ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠠᠴᠠ ᠪᠠᠨ ᠪᠠᠭᠤᠬᠤ ᠶᠢ ᠭᠥᠯᠢᠶᠡᠨ ᠠᠪᠤᠭᠤᠯᠬᠤ ᠪᠠᠷ ᠳᠡᠪᠰᠢᠭᠦᠯᠬᠦ | ᠲᠤᠬᠠᠶ ᠰᠠᠨᠠᠯ ᠵᠥᠪᠯᠡᠯᠭᠡ ᠶᠢ ᠬᠢᠨᠠᠨ ᠵᠥᠪᠯᠡᠪᠡ᠃ ᠬᠥᠨᠳᠡᠯᠡᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ︽ᠪᠠᠶᠢᠴᠠᠭᠠᠬᠤ ᠪᠠᠶᠢᠭᠤᠯᠭ᠎ᠠ ᠶᠢᠨ ᠨᠡᠶᠢᠲᠡ ᠶᠢᠨ ᠠᠰᠠᠷᠠᠮᠵᠢ ᠶᠢᠨ | ᠵᠠᠷᠭᠤ ᠶᠢᠨ ᠠᠵᠢᠯ ᠢ ᠴᠢᠩᠭᠠᠳᠬᠠᠬᠤ ᠲᠤᠬᠠᠢ ᠬᠥᠨᠳᠡᠯᠡᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ︾ ᠳᠤ ᠵᠠᠰᠠᠪᠦᠷᠢ ᠤᠷᠤᠭᠤᠯᠬᠤ ᠲᠤᠬᠠᠢ ᠲᠤᠬᠳᠠᠭᠠᠯ ︵ | ᠲᠥᠰᠦᠯ︶᠂ ᠮᠢᠶᠣᠣ ᠶᠣᠣ ᠭᠤᠸᠠᠩ ᠤᠨ ᠪᠤᠭᠤᠲᠤ ᠬᠤᠳᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠠᠴᠠ ᠪᠠᠨ ᠪᠠᠭᠤᠬᠤ ᠶᠢ | ᠬᠦᠯᠢᠶᠡᠨ ᠠᠪᠬᠤ ᠲᠤᠬᠠᠢ ᠰᠢᠢᠳᠪᠦᠷᠢ ︵ᠲᠥᠰᠦᠯ︶ ᠶᠢ ᠪᠠᠲᠤᠯᠠᠪᠠ᠃ | ᠬᠤᠷᠠᠯ ᠠᠴᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ | ᠬᠤᠯᠪᠣᠭᠳᠠᠯ ᠪᠥᠬᠦᠶ ᠵᠦᠶᠯᠡᠰ ᠢ ᠪᠠᠲᠤᠯᠠᠪᠠ᠃ ᠵᠧᠤ ᠮᠢᠨ ᠵᠢᠶᠧ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ | ᠬᠥᠮᠦᠰ ᠲᠤ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠪᠠ᠃ ︵ᠰᠤᠷᠪᠤᠯᠵᠢᠯᠠᠭᠴᠢ᠄ ᠭᠤᠤ ᠵᠢᠶᠠ ᠲᠦᠩ | ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ | ᠶᠢᠨ ᠬᠤᠷᠢᠶ᠎ᠠ ᠶᠢᠨ ᠠᠯᠪᠠᠨ ᠭᠡᠷ︶ |