ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 13 ᠤ ᠴᠠᠬᠢᠯᠭᠠᠨ ᠮᠡᠳᠡᠭᠡ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠨᠢᠭᠡᠳᠦᠮᠡᠯ ᠹᠷᠣᠨᠲ ᠤᠨ ᠠᠵᠢᠯ ᠤᠨ ᠬᠡᠯᠲᠡᠰ᠂ ᠤᠯᠤᠰ ᠤᠨ ᠦᠨᠳᠦᠰᠦᠲᠡᠨ ᠤ | ᠬᠡᠷᠡᠭ ᠡᠷᠭᠢᠯᠡᠬᠦ ᠵᠦᠪᠯᠡᠯ ᠠᠴᠠ ᠵᠣᠬᠢᠶᠠᠨ ᠪᠠᠶᠢᠭᠤᠯᠵᠤ ᠨᠠᠶᠢᠷᠠᠭᠤᠯᠤᠭᠰᠠᠨ ︽ᠶᠡᠷᠦᠩᠬᠡᠶ ᠱᠦᠵᠢ ᠰᠢ ᠶᠢᠨ ᠫᠢᠩ ᠤᠨ | ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭᠠᠨ ᠤ ᠰᠤᠷᠤᠯᠴᠠᠯᠭ᠎ᠠ ᠶᠢᠨ | ᠤᠩᠰᠢᠬᠤ ᠪᠢᠴᠢᠭ︾ ︵ᠳᠣᠷᠣᠭᠰᠢ ︽ᠤᠩᠰᠢᠬᠤ ᠪᠢᠴᠢᠭ︾ ᠭᠡᠵᠦ ᠳᠦᠭᠦᠮᠴᠢᠯᠡᠨ᠎ᠠ︶ ᠭᠡᠬᠦ ᠨᠣᠮ ᠢ ᠣᠶᠢᠷ᠎ᠠ ᠳᠤ | ᠠᠷᠠᠳ ᠤᠨ ᠬᠡᠪᠯᠡᠯ ᠤᠨ ᠬᠤᠷᠢᠶ᠎ᠠ᠂ ᠦᠨᠳᠦᠰᠦᠲᠡᠨ ᠤ ᠬᠡᠪᠯᠡᠯ ᠤᠨ ᠬᠤᠷᠢᠶ᠎ᠠ ᠠᠴᠠ ᠬᠠᠮᠲᠤᠷᠠᠨ ᠬᠡᠪᠯᠡᠭᠦᠯᠵᠦ᠂ ᠪᠥᠬᠦ | ᠤᠯᠤᠰ ᠲᠤ ᠲᠠᠷᠬᠠᠭᠠᠪᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶ᠎ᠠ ︽ᠬᠤᠶᠠᠷ ᠢ ᠤᠶᠠᠯᠳᠤᠭᠤᠯᠬᠤ︾ ᠶᠢ ᠪᠠᠷᠢᠮᠲᠠᠯᠠᠵᠤ᠂ ᠮᠠᠷᠺᠰ ᠤᠨ ᠦᠵᠡᠯ ᠤᠨ ᠦᠨᠳᠦᠰᠦᠲᠡᠨ ᠤ | ᠤᠨᠤᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠶᠢ ᠲᠠᠰᠤᠷᠠᠯᠳᠡ ᠦᠭᠡᠢ ᠠᠬᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠰᠢᠨ᠎ᠡ ᠴᠠᠭ ᠦᠶ᠎ᠡ ᠶᠢᠨ ᠨᠠᠮ ᠤᠨ | ᠦᠨᠳᠦᠰᠦᠲᠡᠨ ᠤ ᠠᠵᠢᠯ ᠤᠨ ᠭᠤᠣᠯ ᠰᠢᠵᠢᠮ᠂ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ | ᠰᠢᠵᠢᠮ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ | ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠯᠳᠦᠭᠦᠯᠵᠦ᠂ ᠨᠠᠮ ᠤᠨ ᠦᠨᠳᠦᠰᠦᠲᠡᠨ ᠤ ᠠᠵᠢᠯ ᠢ ᠵᠢᠯᠣᠭᠤᠳᠤᠨ ᠲᠡᠦᠬᠡᠲᠦ | ᠴᠢᠨᠠᠷᠲᠠᠢ ᠰᠢᠨ᠎ᠡ ᠠᠮᠵᠢᠯᠲᠠ ᠤᠯᠪᠠ᠃ ︽ᠤᠩᠰᠢᠬᠤ ᠪᠢᠴᠢᠭ︾ ᠨᠢ ᠨᠡᠶᠢᠳᠡ 14 ᠪᠦᠯᠦᠭ ᠢᠶᠠᠷ ᠪᠦᠷᠢᠯᠳᠦᠵᠦ᠂ ᠲᠡᠦᠬᠡᠨ | ᠣᠷᠣᠨ ᠪᠠᠶᠢᠷᠢ᠂ ᠴᠢᠬᠤᠯᠠ ᠡᠭᠦᠷᠭᠡ᠂ ᠠᠵᠢᠯ ᠤᠨ ᠭᠤᠣᠯ ᠰᠢᠵᠢᠮ᠂ ᠴᠢᠬᠤᠯᠠ ᠪᠠᠲᠤᠯᠠᠭ᠎ᠠ ᠵᠡᠷᠭᠡ ᠲᠠᠯ᠎ᠠ ᠪᠠᠷ᠂ ᠶᠡᠷᠦᠩᠬᠡᠢ | ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ | ᠰᠠᠨᠠᠭᠠᠨ ᠤ ᠭᠤᠣᠯ ᠠᠭᠤᠯᠭ᠎ᠠ᠂ ᠵᠣᠷᠢᠭ ᠰᠠᠨᠠᠭᠠᠨ ᠤ ᠮᠥᠨ ᠴᠢᠨᠠᠷ᠂ ᠪᠠᠶᠠᠯᠢᠭ ᠠᠭᠤᠯᠤᠭᠳᠠᠬᠤᠨ ᠪᠣᠯᠤᠨ ᠦᠢᠯᠡᠳᠦᠯᠭᠡ ᠶᠢᠨ | ᠱᠠᠭᠠᠷᠳᠠᠯᠭ᠎ᠠ ᠶᠢ ᠲᠣᠳᠣᠷᠬᠠᠶᠢᠯᠠᠨ ᠥᠭᠦᠯᠡᠵᠡᠢ᠃ | ︽ᠤᠩᠰᠢᠬᠤ ᠪᠢᠴᠢᠭ︾ ᠤᠨ ᠬᠡᠪᠯᠡᠭᠳᠡᠭᠰᠡᠨ ᠨᠢ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠤ | ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ | ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠠᠯᠳᠠᠷ ᠭᠤᠳᠤᠮᠰᠢᠭ ᠢᠶᠠᠨ | ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ | ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ | ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ | ᠵᠢᠷᠤᠮ ᠤᠨ ᠲᠤᠬᠠᠢ ᠳᠡᠭᠡᠳᠦ ᠬᠡᠮᠵᠢᠶᠡᠨ ᠤ ᠬᠠᠮᠲᠤ ᠶᠢᠨ ᠲᠠᠨᠢᠯᠲᠠ ᠶᠢ ᠪᠠᠲᠤᠳᠬᠠᠬᠤ ᠳᠤ ᠠᠰᠢᠭᠲᠠᠢ ᠶᠤᠮ᠃ |