ᠠᠷᠠᠳ ᠤᠨ ᠪᠠᠩᠬᠢ ᠶᠢᠨ ᠬᠠᠮᠤᠭ ᠤᠨ ᠰᠢᠨ᠎ᠡ ᠨᠡᠶᠢᠲᠡᠯᠡᠯ ᠲᠥᠷᠥ ᠶᠢᠨ ᠪᠣᠳᠣᠯᠭ᠎ᠠ ᠶᠢᠨ ᠴᠢᠬᠤᠯᠠ ᠲᠣᠬᠢᠶ᠎ᠠ ᠳᠠᠮᠵᠢᠭᠤᠯᠪᠠ
ᠨᠡᠶᠢᠲᠡᠯᠡᠭᠰᠡᠨ ᠴᠠᠭ᠄
2025/2/15
    ᠠᠷᠠᠳ ᠤᠨ ᠪᠠᠩᠬᠢ ᠶᠢᠨ ᠰᠦᠯᠵᠢᠶᠡᠨ ᠥᠷᠲᠡᠭᠡᠨ ᠤ 2 ᠳ᠋ᠤᠭᠠᠷ ᠰᠠᠷ᠎ᠠ ᠶᠢᠨ 13 ᠤ ᠡᠳᠦᠷ ᠨᠡᠶᠢᠲᠡᠯᠡᠭᠰᠡᠨ 2024 ᠣᠨ ᠤ ᠳᠥᠷᠪᠡᠳᠦᠭᠡᠷ ᠤᠯᠠᠷᠢᠯ ᠳᠠᠬᠢ ᠳᠤᠮᠳᠠᠳᠤ ᠤᠯᠤᠰ ᠤᠨ ᠵᠣᠭᠤᠰᠣᠨ ᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠮᠡᠳᠡᠭᠦᠯᠦᠯᠲᠡ ᠳᠤ ᠳᠤᠷᠠᠳᠬᠤ ᠳᠤ ᠪᠠᠨ᠂ ᠵᠣᠬᠢᠰᠲᠠᠶ ᠮᠥᠷᠲᠡᠭᠡᠨ ᠠᠭᠤᠵᠢᠭᠤ ᠪᠠᠶᠢᠯᠭᠠᠬᠤ ᠵᠣᠭᠤᠰᠣᠨ ᠤ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠦᠨ᠎ᠡ ᠭᠡᠵᠡᠢ᠃ ᠵᠣᠭᠤᠰᠣᠨ ᠤ ᠲᠥᠷᠥ ᠶᠢᠨ ᠪᠣᠳᠣᠯᠭ᠎ᠠ ᠶᠢᠨ ᠣᠯᠠᠨ ᠪᠠᠭᠠᠵᠢ ᠶᠢ ᠶᠡᠷᠦᠩᠬᠡᠶᠢᠯᠡᠨ ᠬᠡᠷᠡᠭᠯᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ ᠠᠬᠤᠶ ᠮᠥᠩᠭᠦᠨ ᠭᠦᠢᠯᠭᠡᠭᠡᠨ ᠤ ᠪᠠᠶᠢᠳᠠᠯ ᠪᠠ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠠᠵᠢᠯᠯᠠᠭᠠᠨ ᠤ ᠪᠠᠶᠢᠳᠠᠯ ᠢ ᠦᠨᠳᠦᠰᠦᠯᠡᠨ᠂ ᠲᠣᠬᠢᠶᠠᠯ ᠳᠤ ᠨᠡᠶᠢᠴᠡᠭᠦᠯᠦᠨ ᠲᠥᠷᠥ ᠶᠢᠨ ᠪᠣᠳᠣᠯᠭ᠎ᠠ ᠶᠢᠨ ᠡᠷᠴᠢᠮ ᠪᠠ ᠠᠶᠢᠵᠠᠮ ᠢ ᠲᠣᠬᠢᠷᠠᠭᠤᠯᠤᠨ ᠰᠢᠯᠢᠳᠡᠭᠵᠢᠭᠦᠯᠵᠦ᠂ ᠬᠥᠳᠡᠯᠦᠩᠭᠦᠶ ᠴᠢᠨᠠᠷ ᠢᠶᠠᠷ ᠭᠦᠢᠴᠡᠳ ᠪᠠᠶᠢᠬᠤ ᠶᠢ ᠪᠠᠲᠤᠯᠠᠵᠤ᠂ ᠨᠡᠶᠢᠭᠡᠮ ᠤᠨ ᠪᠡᠯᠡ ᠲᠣᠬᠢᠷᠠᠭᠤᠯᠬᠤ ᠬᠡᠪᠴᠢᠶᠡᠵᠢᠯ᠂ ᠵᠣᠭᠤᠰᠣᠨ ᠤ ᠬᠠᠩᠭᠠᠯᠭ᠎ᠠ ᠶᠢᠨ ᠬᠡᠮᠵᠢᠶᠡᠨ ᠤ ᠨᠡᠮᠡᠭᠳᠡᠯ ᠢ ᠠᠵᠤ ᠠᠬᠤᠶ ᠶᠢᠨ ᠨᠡᠮᠡᠭᠳᠡᠯ᠂ ᠦᠨ᠎ᠡ ᠬᠠᠩᠰᠢ ᠶᠢᠨ ᠶᠡᠷᠦᠩᠬᠡᠶ ᠬᠢᠷᠢ ᠲᠦᠪᠰᠢᠨ ᠤ ᠵᠢᠱᠢᠭᠰᠡᠨ ᠬᠠᠷᠠᠯᠲᠠ ᠯᠤᠭ᠎ᠠ ᠵᠣᠬᠢᠴᠠᠯᠳᠤᠭᠤᠯᠬᠤ ᠬᠡᠷᠡᠭᠲᠡᠶ᠃     ᠴᠢᠬᠤᠯᠠ ᠠᠭᠤᠯᠭ᠎ᠠ ᠨᠢ     ᠪᠠᠷᠠᠭᠠᠨ ᠤ ᠦᠨ᠎ᠡ ᠶᠢᠨ ᠵᠦᠢ ᠵᠣᠬᠢᠰᠲᠠᠢ ᠪᠠᠷ ᠥᠰᠬᠦ ᠶᠢ ᠠᠬᠢᠭᠤᠯᠬᠤ ᠶᠠᠪᠤᠳᠠᠯ ᠢ ᠵᠣᠭᠤᠰᠤᠨ ᠤ ᠲᠦᠷᠦ ᠶᠢᠨ ᠪᠣᠳᠣᠯᠭ᠎ᠠ ᠶᠢ ᠡᠵᠡᠮᠰᠢᠬᠦ ᠶᠢᠨ ᠴᠢᠬᠤᠯᠠ ᠪᠣᠳᠣᠯᠬᠢᠯᠠᠯ ᠪᠣᠯᠭᠠᠵᠤ᠂ ᠪᠠᠷᠠᠭᠠᠨ ᠤ ᠦᠨ᠎ᠡ ᠶᠢ ᠵᠦᠢ ᠵᠣᠬᠢᠰᠲᠠᠢ ᠬᠡᠮᠵᠢᠶᠡᠨ ᠳᠤ ᠪᠠᠶᠢᠯᠭᠠᠬᠤ ᠶᠢ ᠠᠬᠢᠭᠤᠯᠤᠨ᠎ᠠ     ᠵᠣᠭᠤᠰᠤᠨ ᠤ ᠲᠥᠷᠥ ᠶᠢᠨ ᠪᠣᠳᠣᠯᠭ᠎ᠠ ᠶᠢᠨ ᠳᠠᠮᠵᠢᠭᠤᠯᠬᠤ ᠲᠣᠭᠲᠠᠴᠠ ᠶᠢ ᠰᠢᠯᠤᠭᠤᠳᠬᠠᠨ᠂ ᠦᠯᠡᠳᠡᠭᠡᠯ ᠬᠢᠭᠡᠳ ᠨᠡᠮᠡᠭᠳᠡᠯ ᠤᠨ ᠬᠠᠷᠢᠴᠠᠭ᠎ᠠ ᠶᠢ ᠨᠡᠩ ᠰᠠᠢᠲᠤᠷ ᠡᠵᠡᠮᠰᠢᠵᠦ᠂ ᠮᠥᠩᠭᠦᠨ ᠭᠦᠢᠯᠭᠡᠭᠡᠨ ᠤ ᠦᠯᠡᠳᠡᠭᠡᠯ ᠡᠬᠢ ᠪᠠᠶᠠᠯᠢᠭ ᠢ ᠰᠡᠷᠭᠦᠭᠡᠬᠦ ᠶᠢ ᠴᠢᠬᠤᠯᠠᠴᠢᠯᠠᠨ᠂ ᠪᠡᠯᠡ ᠮᠥᠩᠭᠦᠨ ᠤ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ      ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠪᠠ ᠰᠠᠭᠤᠭᠠᠯᠢ ᠠᠷᠠᠳ ᠤᠨ ᠵᠢᠭᠡᠯᠡᠯᠭᠡ ᠶᠢᠨ ᠥᠪᠡᠷ ᠤᠨ ᠦᠷᠲᠡᠭ ᠢ ᠪᠠᠭᠤᠷᠠᠭᠤᠯᠬᠤ ᠶᠢ ᠠᠬᠢᠭᠤᠯᠤᠨ᠎ᠠ     ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠬᠡᠷᠡᠭᠯᠡᠭᠡ ᠶᠢ ᠠᠬᠢᠭᠤᠯᠬᠤ ᠮᠣᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠎ᠠ     ᠭᠤᠪᠢᠭᠤᠯᠭ᠎ᠠ ᠶᠢᠨ ᠨᠣᠷᠮ᠎ᠠ ᠳᠤ ᠬᠡᠳᠦ ᠲᠣᠬᠢᠷᠠᠭᠤᠯᠭ᠎ᠠ ᠬᠢᠬᠦ ᠶᠢᠨ ᠲᠦᠭᠰᠢᠭᠦᠷᠢ ᠶᠢ ᠡᠷᠡᠰ ᠰᠡᠷᠭᠡᠶᠢᠯᠡᠵᠦ᠂ ᠠᠷᠠᠳ ᠤᠨ ᠵᠣᠭᠤᠰᠤᠨ ᠤ ᠭᠤᠪᠢᠭᠤᠯᠭ᠎ᠠ ᠶᠢᠨ ᠨᠣᠷᠮ᠎ᠠ ᠶᠢ ᠵᠦᠢ ᠵᠣᠬᠢᠰᠲᠠᠢ ᠪᠥᠭᠡᠳ ᠲᠡᠩᠴᠡᠭᠦᠷᠢᠲᠡᠢ ᠬᠢᠷᠢ ᠲᠦᠪᠰᠢᠨ ᠳᠤ ᠦᠨᠳᠦᠰᠦᠨ ᠳᠤ ᠪᠠᠨ ᠲᠣᠭᠲᠠᠭᠤᠨ ᠪᠠᠶᠢᠯᠭᠠᠬᠤ ᠶᠢ ᠪᠠᠲᠤᠯᠠᠨ᠎ᠠ
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号