ᠬᠤᠲᠠ ᠶᠢᠨ ᠵᠠᠰᠠᠭ ᠤᠨ ᠵᠡᠭᠦᠨ ᠵᠠᠮ ᠵᠡᠭᠡᠯᠢ ᠭᠤᠳᠤᠮᠵᠢ ᠠᠰᠠᠷ ᠤᠨ ᠲᠠᠷᠤᠭ᠎ᠠ ᠬᠡᠬᠦ ᠰᠢᠨ᠎ᠡ ᠬᠦᠳᠡᠯᠬᠡᠬᠦ ᠡᠨᠧᠷᠭᠢ ᠶᠢ ᠠᠮᠢᠳᠤᠯᠢᠬᠵᠢᠭᠤᠯᠵᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠨ᠎ᠡ ᠰᠤᠳᠠᠰᠤ ᠶᠢ ᠨᠡᠪᠲᠡᠷᠡᠭᠦᠯᠪᠡ
ᠨᠡᠶᠢᠲᠡᠯᠡᠭᠰᠡᠨ ᠴᠠᠭ᠄
2025/2/17
    ᠨᠢᠭᠡ ᠳᠤ᠂ ᠵᠠᠰᠠᠯᠲᠠ ᠶᠢᠨ ︽ᠰᠢᠨ᠎ᠡ ᠬᠦᠴᠦᠨ︾ ᠢ ᠪᠠᠬᠢᠵᠢᠬᠦᠯᠪᠡ᠃ ︽3 + N︾ ᠬᠦᠴᠦᠨ ᠢ ᠨᠡᠶᠢᠳᠬᠡᠬᠦ ᠵᠠᠭᠪᠤᠷ ᠢ ᠬᠡᠷᠡᠭᠯᠡᠵᠤ᠂ ︽ᠠᠰᠠᠷ ᠤᠨ ᠳᠠᠷᠤᠭ᠎ᠠ + ᠨᠡᠶᠢᠭᠡᠮ ᠲᠣᠭᠤᠷᠢᠭ ᠤᠨ ᠲᠤᠤᠷᠵᠢᠭᠤᠯᠤᠯᠳᠠ ᠶᠢᠨ ᠠᠵᠢᠯᠳᠠᠨ + ᠠᠳᠠᠯ ᠠᠬᠤᠶ ᠶᠢᠨ ᠬᠠᠮᠢᠶᠠᠷᠤᠭᠴᠢ︾ ᠪᠠᠷ ᠭᠤᠤᠯ ᠪᠣᠯᠭᠠᠨ᠂ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠤᠨ ᠪᠦᠯᠬᠦᠮ ᠨᠡᠶᠢᠲᠡ᠂ ᠰᠠᠶᠢᠨ ᠳᠤᠷᠠᠴᠤᠳ ᠵᠡᠷᠭᠡ N ᠲᠠᠯ᠎ᠠ ᠶᠢᠨ ᠬᠦᠴᠦᠨ ᠲᠠᠢ ᠬᠠᠮᠲᠤᠷᠠᠨ ᠠᠰᠠᠷ ᠤᠨ ᠲᠤᠤᠷᠵᠢᠭᠤᠯᠤᠯᠲᠠ ᠶᠢᠨ ᠶᠡᠷᠦᠩᠬᠡᠶᠢᠯᠡᠭᠰᠡᠨ ᠦᠶᠯᠡᠴᠢᠯᠡᠭᠡ ᠶᠢ ᠬᠡᠷᠡᠭᠵᠢᠭᠦᠯᠪᠡ᠃ 2024 ᠣᠨ ᠳᠤ ᠬᠤᠷᠢᠶᠠᠯᠠᠯ ᠤᠨ 45 ᠲᠤᠤᠷᠵᠢᠯ᠂ ᠠᠰᠠᠷ ᠤᠨ 262 ᠲᠤᠤᠷᠵᠢᠯ᠂ 836 ᠲᠤᠤᠷᠵᠢᠯ ᠤᠨ ᠰᠢᠢᠳᠪᠦᠷᠢᠯᠡᠭᠴᠢ ᠶᠢ ᠲᠣᠬᠢᠷᠠᠭᠤᠯᠵᠠᠶ᠃ ᠬᠤᠶᠠᠷ ᠲᠤ᠂ ᠵᠠᠰᠠᠯᠲᠠ ᠶᠢᠨ ︽ᠰᠢᠨ᠎ᠡ ᠳᠦᠷᠰᠦ ᠪᠠᠶᠢᠳᠠᠯ︾ ᠢ ᠪᠠᠳᠠᠷᠭᠠᠪᠠ᠃ ︽ᠰᠠᠭᠤᠭᠠᠯᠢ ᠠᠷᠠᠳ ᠵᠠᠬᠢᠶᠠᠯᠠᠭ᠎ᠠ ᠲᠠᠭᠤᠳᠠᠬᠤ — ᠠᠰᠠᠷ ᠤᠨ ᠳᠠᠷᠤᠭ᠎ᠠ ᠵᠠᠬᠢᠶᠠᠯᠠᠭ᠎ᠠ ᠲᠣᠮᠢᠯᠠᠬᠤ — ᠨᠡᠶᠢᠭᠡᠮ ᠲᠣᠭᠤᠷᠢᠭ ᠵᠠᠬᠢᠶᠠᠯᠠᠭ᠎ᠠ ᠬᠦᠯᠢᠶᠡᠬᠦ — ᠬᠤᠷᠰᠢᠭᠴᠢ ᠵᠠᠬᠢᠶᠠᠯᠠᠭ᠎ᠠ ᠶᠢ ᠭᠦᠶᠴᠡᠳᠬᠡᠬᠦ᠂ ᠰᠠᠭᠤᠭᠠᠯᠢ ᠠᠷᠠᠳ ᠵᠠᠬᠢᠶᠠᠯᠠᠭ᠎ᠠ ᠶᠢ ᠦᠨᠡᠯᠡᠬᠦ︾ ᠲᠠᠪᠤᠨ ᠠᠯᠬᠤᠮ ᠤᠨ ᠬᠡᠷᠡᠭ ᠵᠥᠪᠯᠡᠬᠦ ᠠᠷᠭ᠎ᠠ ᠶᠢ ᠬᠡᠷᠡᠭᠵᠢᠭᠦᠯᠵᠦ᠂ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠰᠣᠨᠣᠰᠴᠤ ᠲᠠᠬᠢᠨ ᠬᠠᠷᠢᠭᠤ ᠲᠤᠰᠬᠠᠪᠠ᠃ ᠣᠳᠣᠬᠠᠨ ᠳᠤ ᠬᠡᠷᠡᠭ ᠵᠥᠪᠯᠡᠬᠦ ᠠᠵᠢᠯᠯᠠᠭ᠎ᠠ ᠶᠢ 86 ᠭᠠᠷᠤᠶ ᠤᠳᠠᠭ᠎ᠠ ᠥᠷᠨᠢᠭᠦᠯᠵᠦ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ 300 ᠭᠠᠷᠤᠶ ᠤᠳᠠᠭ᠎ᠠ ᠰᠢᠶᠳᠪᠦᠷᠢᠯᠡᠵᠦ᠂ ᠨᠡᠶᠢᠲᠡ 60 ᠭᠠᠷᠤᠶ ᠣᠯᠠᠨ ᠲᠦᠮᠡᠨ ᠤ ᠪᠢᠴᠢᠯ ᠬᠦᠰᠡᠯ ᠢ ᠴᠤᠭᠯᠠᠭᠤᠯᠵᠤ᠂ ᠣᠯᠠᠨ ᠲᠦᠮᠡᠨ ᠳᠤ 500 ᠭᠠᠷᠤᠶ ᠤᠳᠠᠭ᠎ᠠ ᠦᠶᠯᠡᠴᠢᠯᠡᠪᠡ᠃ ᠭᠤᠷᠪᠠ ᠳᠤ᠂ ᠵᠠᠰᠠᠯᠲᠠ ᠶᠢᠨ ︽ᠰᠢᠨ᠎ᠡ ᠵᠢᠱᠢᠶᠡᠴᠢ︾ ᠶᠢ ᠪᠤᠢ    ᠪᠣᠯᠭᠠᠪᠡ᠃ ᠠᠰᠠᠷ ᠤᠨ ᠳᠠᠷᠤᠭ᠎ᠠ ᠶᠢᠨ ᠡᠳᠦᠷ ᠲᠤᠲᠤᠮ ᠤᠨ ᠠᠵᠢᠯ᠂ ᠦᠵᠡᠯ ᠰᠠᠨᠠᠭ᠎ᠠ ᠤᠬᠠᠮᠰᠠᠷ᠂ ᠰᠠᠭᠤᠭᠠᠯᠢ ᠠᠷᠠᠳ ᠤᠨ ᠲᠤᠰᠬᠠᠯ ᠵᠡᠷᠭᠡ ᠣᠯᠠᠨ ᠲᠠᠯ᠎ᠠ ᠪᠠᠷ ᠰᠢᠯᠭᠠᠷᠠᠭᠤᠯᠤᠯᠲᠠ ᠬᠢᠬᠦ ᠪᠠᠷ ᠳᠠᠮᠵᠢᠨ᠂ ᠣᠨ ᠤ ᠰᠢᠯᠢᠳᠡᠭ ᠠᠰᠠᠷ ᠤᠨ ᠳᠠᠷᠤᠭ᠎ᠠ ᠶᠢ ᠰᠢᠯᠭᠠᠷᠠᠭᠤᠯᠵᠤ᠂ ᠭᠤᠤᠯ ᠰᠡᠳᠦᠪᠲᠦ ᠨᠠᠮ ᠤᠨ ᠡᠳᠦᠷ᠂ ᠰᠣᠶᠣᠯ ᠤᠷᠠᠯᠢᠭ ᠤᠨ ᠨᠠᠶᠢᠷ ᠵᠡᠷᠭᠡ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠴᠢᠬᠤᠯᠠ ᠠᠵᠢᠯᠯᠠᠭ᠎ᠠ ᠳᠤ ᠲᠦᠰᠢᠭᠯᠡᠨ ᠬᠥᠬᠢᠭᠦᠯᠦᠨ ᠰᠠᠶᠢᠰᠢᠶᠠᠬᠤ ᠶᠢᠨ ᠬᠠᠮᠲᠤ ᠰᠢᠯᠢᠳᠡᠭ ᠤᠨ ᠳᠣᠲᠣᠷ᠎ᠠ ᠠᠴᠠ ᠰᠢᠯᠢᠳᠡᠭ ᠢ ᠰᠣᠩᠭᠤᠬᠤ ᠵᠠᠷᠴᠢᠮ ᠢ ᠦᠨᠳᠦᠰᠦᠯᠡᠨ᠂ ᠨᠡᠶᠢᠭᠡᠮ ᠲᠣᠭᠤᠷᠢᠭ ᠤᠨ ᠰᠢᠯᠢᠳᠡᠭ ᠠᠰᠠᠷ ᠤᠨ ᠳᠠᠷᠤᠭ᠎ᠠ ᠶᠢ ᠰᠢᠯᠭᠠᠷᠠᠭᠤᠯᠵᠤ ᠭᠠᠷᠭᠠᠪᠠ᠃ ︵ ᠬᠤᠳᠠ ᠶᠢᠨ    ᠵᠠᠰᠠᠭ ᠤᠨ ᠵᠡᠭᠦᠨ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号