ᠬᠥᠨᠳᠡᠯᠡᠨ ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ  ᠢ ᠰᠠᠬᠢᠨ ᠬᠠᠮᠠᠭᠠᠯᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠪᠠ
ᠨᠡᠶᠢᠲᠡᠯᠡᠭᠰᠡᠨ ᠴᠠᠭ᠄
2025/2/17
     ᠨᠢᠭᠡ ᠳᠤ᠂ ᠬᠤᠲᠠ ᠶᠢᠨ ᠲᠦᠷᠢ ᠲᠦᠷᠬᠦ ᠡᠮᠬᠢ ᠳᠢᠭᠯᠢᠮ ᠢ ᠶᠡᠬᠡᠪᠡᠷ ᠴᠡᠭᠴᠡᠯᠡᠨ ᠵᠠᠰᠠᠪᠠ᠃ ᠬᠠᠤᠯᠢ ᠬᠡᠷᠡᠭᠵᠢᠭᠦᠯᠬᠦ ᠠᠩᠭᠢ ᠶᠢᠨ ᠬᠢᠨ ᠵᠡᠭᠡᠯᠢ ᠳᠠᠭᠠᠤ ᠶᠢᠨ ᠬᠤᠳᠠᠯᠳᠤᠭᠠᠨ ᠤ ᠡᠷᠦᠬᠡ ᠶᠢᠨ ᠳᠡᠯᠭᠡᠭᠦᠷ ᠤᠨ ᠭᠠᠳᠠᠨ᠎ᠠ ᠠᠪᠴᠤ ᠭᠠᠷᠴᠤ ᠡᠵᠡᠩᠨᠡᠬᠦ᠂ ᠵᠠᠮ ᠡᠵᠡᠯᠡᠨ ᠶᠠᠭᠤᠮ᠎ᠠ ᠬᠡᠦᠮ᠎ᠡ ᠣᠪᠣᠭᠠᠯᠠᠬᠤ ᠵᠡᠷᠭᠡ ᠠᠵᠢᠯᠯᠠᠭ᠎ᠠ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠪᠠ᠃ 2 ᠰᠠᠷ᠎ᠠ ᠶᠢᠨ 10 ᠤ ᠡᠳᠦᠷ ᠠᠴᠠ 2 ᠰᠠᠷ᠎ᠠ ᠶᠢᠨ 14 ᠤ ᠡᠳᠦᠷ ᠪᠣᠯᠲᠠᠯ᠎ᠠ 300 ᠭᠠᠷᠤᠶ ᠭᠠᠵᠠᠷ ᠲᠤ ᠵᠠᠮ ᠡᠵᠡᠯᠡᠨ ᠡᠵᠡᠩᠨᠡᠯᠲᠡ ᠬᠢᠭᠰᠡᠨ ᠠᠵᠢᠯᠯᠠᠭ᠎ᠠ ᠶᠢ ᠵᠠᠯᠠᠷᠠᠭᠤᠯᠤᠨ    ᠴᠡᠭᠴᠡᠯᠡᠪᠡ᠃ ᠬᠤᠶᠠᠷ ᠲᠤ᠂ ᠠᠮᠤᠷ ᠲᠦᠪᠰᠢᠨ ᠤ ᠬᠡᠮ ᠰᠤᠭᠤᠭ ᠢ ᠶᠡᠭᠡ ᠪᠠᠷ ᠵᠢᠭᠰᠠᠭᠠᠨ ᠪᠠᠶᠢᠴᠠᠭᠠᠪᠠ᠃ ᠢᠳᠡᠭᠡᠨ ᠤᠮᠳᠠᠭᠠᠨ ᠤ ᠲᠠᠯᠠᠪᠤᠷ ᠭᠠᠵᠠᠷ ᠤᠨ ᠰᠢᠲᠠᠮᠠᠬᠠᠶ ᠬᠡᠶ ᠬᠡᠷᠡᠭᠯᠡᠭᠰᠡᠨ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠵᠤ᠂ 10 ᠭᠠᠷᠤᠶ ᠠᠰᠠᠭᠤᠳᠠᠯ ᠢ ᠢᠯᠡᠷᠡᠭᠦᠯᠵᠦ᠂ ᠲᠤᠬᠠᠶ ᠶᠢᠨ ᠲᠠᠯᠠᠪᠤᠷ ᠲᠤ ᠴᠡᠭᠴᠡᠯᠡᠨ ᠰᠠᠶᠢᠵᠢᠷᠠᠭᠤᠯᠬᠤ 2 ᠮᠡᠳᠡᠭᠳᠡᠯ ᠤᠨ ᠪᠢᠴᠢᠭ ᠪᠠᠭᠤᠯᠭᠠᠪᠠ᠃ ᠡᠭᠦᠨ ᠤ ᠬᠠᠮᠲᠤ᠂ ᠬᠥᠮᠦᠨ ᠬᠠᠷ᠎ᠠ ᠣᠯᠠᠨ ᠴᠤᠭᠯᠠᠷᠠᠬᠤ ᠲᠠᠯᠠᠪᠤᠷ ᠭᠠᠵᠠᠷ ᠤᠨ ᠭᠠᠯ ᠤᠨᠲᠠᠷᠠᠭᠠᠬᠤ ᠲᠤᠨᠤᠭ ᠲᠦᠬᠦᠬᠡᠷᠦᠮᠵᠢ᠂  ᠵᠠᠶᠢᠯᠠᠭᠤᠯᠤᠨ ᠲᠠᠷᠬᠠᠭᠠᠬᠤ ᠵᠠᠮ ᠵᠡᠷᠭᠡ ᠪᠠᠶᠢᠳᠠᠯ ᠳᠤ ᠪᠠᠶᠢᠴᠠᠭᠠᠯᠲᠠ    ᠬᠢᠵᠦ᠂ ᠭᠠᠯ ᠤᠨ ᠠᠶᠤᠯ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠪᠠ᠃ ᠭᠤᠷᠪᠠ ᠳᠤ᠂ ᠪᠠᠷᠢᠯᠭ᠎ᠠ ᠶᠢᠨ ᠭᠠᠵᠠᠷ ᠤᠨ ᠬᠢᠨᠠᠯᠲᠠ ᠬᠠᠮᠢᠶᠠᠷᠤᠯᠲᠠ ᠶᠢ ᠰᠤᠯᠠᠷᠠᠭᠤᠯᠤᠯ ᠦᠭᠡᠢ ᠪᠠᠷᠢᠮᠲᠠᠯᠠᠪᠠ᠃ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠠᠴᠠ ᠡᠮᠦᠨ᠎ᠡ᠂ ᠬᠡᠰᠡᠭ ᠪᠠᠷᠢᠯᠭ᠎ᠠ ᠶᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠠᠵᠢᠯ ᠢᠶᠠᠨ ᠰᠡᠷᠭᠦᠭᠡᠪᠠ᠂ ᠬᠠᠤᠯᠢ ᠬᠡᠷᠡᠭᠵᠢᠭᠦᠯᠬᠦ ᠠᠩᠭᠢ ᠶᠢᠨ ᠬᠢᠨ ᠬᠠᠷᠢᠶ᠎ᠠ ᠣᠷᠣᠨ ᠤ ᠪᠠᠨ ᠳᠣᠲᠣᠷᠠᠬᠢ ᠪᠠᠷᠢᠯᠭ᠎ᠠ ᠶᠢᠨ ᠭᠠᠵᠠᠷ ᠲᠤ ᠪᠠᠶᠢᠴᠠᠭᠠᠯᠲᠠ ᠬᠢᠬᠦ ᠡᠷᠴᠢᠮ ᠢᠶᠠᠨ ᠴᠢᠩᠭᠠᠷᠠᠭᠤᠯᠵᠤ᠂ ᠪᠠᠷᠢᠯᠭ᠎ᠠ ᠶᠢᠨ ᠠᠮᠤᠷ    ᠲᠦᠪᠰᠢᠨ ᠪᠠ ᠡᠷᠬᠢᠨ ᠲᠣᠭᠤᠷᠢᠨ ᠤ ᠣᠷᠴᠢᠨ ᠲᠣᠭᠤᠷᠢᠨ ᠤ ᠡᠮᠬᠢ ᠳᠢᠭᠯᠢᠮ ᠨᠥᠯᠥᠭᠡᠯᠡᠭᠳᠡᠬᠦ ᠥᠬᠡᠶ ᠪᠠᠶᠢᠬᠤ ᠶᠢ ᠦᠨᠡᠨ ᠬᠦ ᠪᠠᠲᠤᠯᠠᠵᠤ᠂ ᠣᠳᠣᠬᠠᠨ ᠳᠤ ᠨᠢᠭᠡᠨᠲᠡ 3 ᠪᠠᠷᠢᠯᠭ᠎ᠠ ᠶᠢᠨ ᠨᠢᠭᠡᠴᠢ ᠶᠢ ᠵᠢᠭᠰᠠᠭᠠᠨ ᠪᠠᠶᠢᠴᠠᠭᠠᠵᠤ᠂ ᠠᠰᠠᠭᠤᠳᠠᠯ ᠢᠯᠡᠷᠡᠭᠦᠯᠦᠭᠰᠡᠨ ᠥᠬᠡᠶ᠃ ︵ᠬᠠᠤᠯᠢ ᠬᠡᠷᠡᠭᠵᠢᠭᠦᠯᠬᠦ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号