2 ᠰᠠᠷ᠎ᠠ ᠶᠢᠨ 11 ᠤ ᠡᠳᠦᠷ ᠠᠴᠠ 14 ᠤ ᠡᠳᠦᠷ ᠪᠣᠯᠲᠠᠯ᠎ᠠ᠂ ᠲᠤᠭᠤᠷᠢᠭ ᠤᠨ ᠨᠠᠮ ᠤᠨ ᠬᠤᠷᠢᠶᠠᠨ ᠤ | ᠱᠦᠵᠢ ᠬᠤ᠋ ᠴᠢᠶᠠᠩ ᠪᠦᠯᠬᠦᠮ ᠳᠠᠭᠠᠭᠤᠯᠤᠨ ᠵᠢᠶᠠᠩᠰᠦ ᠶᠢᠨ ᠰᠦᠵᠧᠦ᠂ ᠭᠤᠸᠠᠩᠳᠦ᠋ᠩ ᠤᠨ ᠱᠧᠨᠵᠧᠨ ᠵᠡᠷᠭᠡ | ᠭᠠᠵᠠᠷ ᠲᠤ ᠬᠦᠷᠴᠦ ᠰᠢᠶᠧ ᠰᠢᠨ ᠪᠦᠯᠦᠭᠯᠡᠯ᠂ ᠮᠦᠸᠧ ᠨᠠ ᠮᠡᠷᠭᠡᠵᠢᠯ᠂ ᠤᠰᠤᠲᠥ᠋ᠷᠥᠭᠴᠢ ᠶᠢᠨ ᠴᠠᠭ ᠦᠶ᠎ᠡ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠤᠯᠠᠨ ᠠᠵᠤ ᠠᠬᠤᠶᠢᠯᠠᠯ ᠢᠶᠠᠷ ᠲᠤᠭᠤᠷᠢᠨ ᠶᠠᠪᠤᠵᠤ᠂ ᠠᠵᠤ | ᠠᠬᠤᠶᠢᠯᠠᠯ ᠲᠠᠢ ᠬᠠᠮᠲᠤ ᠪᠠᠷ ᠦᠢᠯᠡᠳᠪᠦᠷᠢᠯᠡᠵᠦ ᠪᠠᠶᠢᠭ᠎ᠠ ᠠᠵᠤ ᠠᠬᠤᠶᠢᠯᠠᠯ ᠤᠨ ᠠᠵᠢᠯᠯᠠᠭᠠᠨ᠂ ᠪᠠᠶᠢᠭᠤᠯᠵᠤ ᠪᠠᠶᠢᠭ᠎ᠠ | ᠲᠦᠷᠦᠯ ᠵᠦᠢᠯ ᠢ ᠨᠠᠶᠢᠳᠠᠪᠤᠷᠢᠵᠢᠭᠤᠯᠬᠤ ᠳᠤᠮᠳᠠ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ ᠰᠤᠳᠤᠯᠤᠨ | ᠰᠢᠢᠳᠪᠦᠷᠢᠯᠡᠵᠦ᠂ ᠲᠦᠷᠦᠯ ᠵᠦᠢᠯ ᠤᠨ ᠭᠡᠷ᠎ᠡ ᠲᠣᠭᠲᠠᠵᠤ ᠨᠠᠶᠢᠳᠠᠪᠤᠷᠢᠵᠢᠭᠤᠯᠬᠤ ᠶᠢ ᠠᠬᠢᠭᠤᠯᠪᠠ᠃ ᠬᠤ᠋ ᠴᠢᠶᠠᠩ᠂ | ᠪᠥᠬᠦ ᠲᠤᠭᠤᠷᠢᠭ ᠤᠨ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠬᠠᠷᠢᠭᠤᠴᠠᠯᠭ᠎ᠠ ᠡᠬᠦᠷᠬᠡᠯᠡᠵᠤ᠂ ᠱᠠᠯᠠᠪᠳᠠᠨ | ᠬᠥᠳᠡᠯᠦᠯᠴᠡᠵᠦ᠂ ᠭᠠᠳᠠᠭᠰᠢ ᠭᠠᠷᠴᠤ᠂ ᠰᠢᠨ᠎ᠡ ᠨᠢᠭᠡᠨ ᠡᠭᠡᠯᠵᠢ ᠶᠢᠨ ᠠᠷᠠᠯᠵᠢᠶᠠᠴᠢᠨ ᠤᠷᠢᠬᠤ ᠠᠵᠢᠯᠯᠠᠭ᠎ᠠ ᠶᠢ | ᠦᠳᠲᠡᠷ ᠲᠦᠷᠭᠡᠨ ᠥᠷᠨᠢᠭᠦᠯᠵᠦ᠂ ᠴᠢᠨᠠᠷ ᠰᠠᠶᠢᠲᠠᠶ ᠬᠥᠭᠵᠢᠯᠲᠡ ᠳᠤ ᠲᠠᠰᠤᠷᠠᠯᠲᠠ ᠥᠬᠡᠶ ᠰᠢᠨ᠎ᠡ ᠨᠡᠮᠡᠭᠳᠡᠯ ᠤᠨ | ᠬᠡᠮᠵᠢᠶ᠎ᠡ ᠶᠢ ᠪᠣᠶ ᠪᠣᠯᠭᠠᠬᠤ ᠬᠡᠷᠡᠭᠲᠡᠶ ᠬᠡᠵᠤ ᠱᠠᠭᠠᠷᠳᠠᠪᠠ᠃ | ᠲᠤᠭᠤᠷᠢᠭ ᠤᠨ ᠤᠳᠤᠷᠢᠳᠤᠯᠭ᠎ᠠ ᠵᠠᠩ ᠭᠦᠸᠧ ᠴᠢᠶᠠᠩ᠂ ᠰᠤ᠋ ᠵᠢᠶᠦ᠋ᠨ᠂ ᠸᠧᠨ ᠵᠧᠨ᠂ ᠵᠧᠤ ᠬᠠᠢ ᠹᠧᠢ | ᠠᠵᠢᠯᠯᠠᠭ᠎ᠠ ᠳᠤ ᠣᠷᠣᠯᠴᠠᠪᠠ᠃ ︵ᠢᠷᠡᠯᠲᠡ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶ |