ᠲᠤᠭᠤᠷᠢᠭ ᠤᠨ ᠤᠳᠤᠷᠢᠳᠤᠯᠭ᠎ᠠ ᠦᠶᠯᠡᠴᠢᠯᠡᠭᠡᠨ ᠤ ᠦᠶᠯᠡᠰ ᠤᠨ ᠭᠤᠤᠯᠳᠠᠯᠭ᠎ᠠ ᠲᠠᠢ ᠲᠥᠷᠥᠯ ᠵᠦᠶᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/2/18
    2 ᠰᠠᠷ᠎ᠠ ᠶᠢᠨ 16 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠢᠦᠶ ᠵᠠᠨ ᠵᠢᠶᠠᠩ ᠤᠨᠴᠠᠯᠢᠬᠳᠤ ᠵᠡᠭᠡᠯᠢ ᠶᠢᠨ ᠲᠣᠭᠤᠷᠢᠭ᠂ ᠭᠤᠤᠯᠳᠠᠯᠭ᠎ᠠ ᠲᠠᠢ ᠠᠷᠠᠯᠵᠢᠶ᠎ᠠ    ᠬᠤᠳᠠᠯᠳᠤᠭ᠎ᠠ ᠪᠠ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠳᠤ ᠬᠦᠷᠴᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ    ᠰᠤᠳᠤᠯᠵᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠬᠠᠮᠳᠤ᠂ ᠣᠶ ᠰᠢᠭᠤᠶ ᠶᠢᠨ ᠬᠠᠪᠤᠷ ᠰᠣᠶᠣᠯ ᠵᠢᠭᠤᠯᠴᠢᠯᠠᠯ ᠤᠨ ᠶᠡᠷᠦᠩᠬᠡᠶᠢᠯᠡᠭᠰᠡᠨ ᠴᠣᠭᠴᠠ ᠶᠢᠨ ᠠᠷᠠᠯᠵᠢᠶᠠᠴᠢᠨ ᠤᠷᠢᠬᠤ ᠠᠵᠢᠯ ᠢ ᠠᠬᠢᠭᠤᠯᠵᠤ᠂ ᠡᠳ᠋ ᠬᠥᠷᠥᠩᠭᠡ ᠶᠢᠨ ᠡᠬᠢ ᠪᠠᠶᠠᠯᠢᠭ ᠢ ᠠᠮᠢᠳᠤᠯᠢᠬᠵᠢᠭᠤᠯᠬᠤ ᠶᠢ ᠲᠦᠷᠭᠡᠳᠬᠡᠬᠦ᠂ ᠫᠢᠸᠤ᠋ ᠶᠢᠨ ᠰᠣᠶᠣᠯ ᠤᠨ ᠣᠨᠴᠠᠯᠢᠭᠲᠤ ᠵᠡᠭᠡᠯᠢ ᠶᠢᠨ ᠲᠣᠭᠤᠷᠢᠭ ᠤᠨ ᠲᠥᠷᠥᠯ ᠵᠦᠢᠯ ᠤᠨ ᠲᠥᠯᠥᠪᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠪᠦᠬᠦ ᠬᠤᠲᠠ ᠶᠢᠨ ᠨᠥᠯᠥᠭᠡᠯᠡᠬᠦ ᠬᠦᠴᠦᠨ ᠲᠠᠢ ᠭᠤᠣᠯ ᠰᠡᠳᠦᠪᠲᠦ ᠵᠡᠭᠡᠯᠢ ᠶᠢᠨ ᠲᠣᠭᠤᠷᠢᠭ ᠢ ᠪᠠᠶᠢᠭᠤᠯᠬᠤ ᠲᠤᠬᠠᠢ ᠵᠦᠪᠳᠡᠯᠴᠡᠪᠡ᠃      ᠶᠤᠸᠠᠢ ᠯᠢ ᠹᠠᠩ᠂ ᠰᠢᠨᠬᠤᠸᠠ ᠨᠣᠮ ᠤᠨ ᠳᠡᠯᠭᠡᠭᠦᠷ᠂ ᠪᠤᠭᠤᠲᠤ ᠶᠢᠨ ᠪᠦᠷᠢᠨ ᠪᠠᠷᠠᠭᠠᠳᠤ ᠬᠤᠳᠠᠯᠳᠤᠭᠠᠨ ᠤ ᠲᠤᠮᠤ ᠠᠰᠠᠷ᠂ ᠸᠠᠩ ᠹᠦ᠋ ᠵᠢᠩ᠂ ᠮᠤᠤ ᠶᠧ ᠰᠢᠨ ᠲᠢᠶᠠᠨ ᠳ᠋ᠢ᠂ ᠰᠤ᠋ ᠨᠢᠩ ᠬᠤᠳᠠᠯᠳᠤᠭᠠᠨ ᠤ ᠲᠠᠯᠠᠪᠠᠶ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠪᠠᠶᠢᠷᠢᠰᠢᠭᠤᠯᠤᠯᠲᠠ᠂ ᠬᠡᠷᠡᠭᠯᠡᠭᠴᠢᠳ ᠤᠨ ᠬᠡᠮᠵᠢᠶ᠎ᠡ ᠪᠣᠷᠣᠯᠠᠭᠤᠯᠭ᠎ᠠ ᠶᠢᠨ ᠬᠡᠮᠵᠢᠶ᠎ᠡ᠂ ᠤᠯᠤᠰ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠪᠡᠶᠡᠯᠡᠭᠦᠯᠦᠭᠰᠡᠨ ᠵᠡᠷᠭᠡ ᠪᠠᠶᠢᠳᠠᠯ ᠢ ᠭᠦᠨᠵᠡᠭᠡᠶ ᠣᠶᠢᠯᠠᠭᠠᠪᠠ᠃ ᠠᠵᠤ ᠠᠬᠤᠶᠢᠯᠠᠯ ᠤᠨ ᠬᠢᠨ ᠤ ᠬᠡᠷᠡᠭᠯᠡᠭᠴᠢᠳ ᠤᠨ ᠬᠡᠷᠡᠭᠴᠡᠭᠡ   ᠳᠤ ᠰᠠᠭᠤᠷᠢᠯᠠᠨ ᠣᠯᠠᠨ ᠶᠠᠩᠵᠤ ᠶᠢᠨ᠂ ᠥᠪᠡᠷᠮᠢᠴᠡ ᠣᠨᠴᠠᠯᠢᠭ ᠲᠠᠢ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠬᠡᠯᠪᠡᠷᠢ ᠶᠢ ᠬᠥᠭᠵᠢᠭᠦᠯᠵᠤ᠂ ᠣᠨᠴᠠ ᠳᠡᠯᠭᠡᠭᠦᠷ᠂ ᠠᠩᠬᠠᠨ ᠤ ᠳᠡᠯᠭᠡᠭᠦᠷ᠂ ᠨᠠᠷᠠᠲᠤ ᠳᠡᠯᠭᠡᠭᠦᠷ ᠢ ᠣᠷᠣᠭᠤᠯᠤᠨ ᠠᠪᠴᠢᠷᠠᠵᠤ᠂ ᠠᠷᠠᠯᠵᠢᠶ᠎ᠠ ᠬᠤᠳᠠᠯᠳᠤᠭ᠎ᠠ ᠶᠢ ᠨᠡᠩ ᠬᠦᠭᠵᠢᠶᠡᠨ ᠲᠠᠢ ᠪᠤᠯᠭᠠᠬᠤ ᠶᠢ ᠵᠤᠷᠢᠬᠵᠢᠭᠤᠯᠪᠠ᠃ ᠡᠭᠦᠨ ᠤ ᠬᠠᠮᠲᠤ᠂ ᠳᠣᠲᠣᠭᠠᠳᠤ ᠬᠠᠮᠢᠶᠠᠷᠤᠯᠲᠠ ᠪᠠᠨ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ᠂ ᠭᠠᠯ ᠢ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠢ ᠰᠠᠶᠢᠲᠤᠷ ᠪᠠᠳᠤᠯᠠᠬᠤ ᠬᠡᠷᠡᠭᠲᠡᠢ᠃ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ ᠦᠶᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠠᠵᠤ ᠠᠬᠤᠶᠢᠯᠠᠯ ᠢ ᠬᠠᠪᠰᠤᠷᠤᠨ ᠠᠷᠠᠯᠵᠢᠶᠠᠴᠢᠨ ᠤᠷᠢᠵᠤ ᠲᠠᠨᠢᠯᠴᠠᠭᠤᠯᠬᠤ ᠠᠵᠢᠯ ᠢ ᠰᠠᠶᠢᠲᠤᠷ ᠬᠢᠵᠦ᠂ ᠲᠡᠷᠭᠡ    ᠵᠣᠭᠰᠣᠬᠤ᠂ ᠭᠠᠯ ᠤᠨᠲᠠᠷᠠᠭᠠᠬᠤ ᠵᠡᠷᠭᠡ ᠠᠰᠠᠭᠤᠳᠠᠯ ᠢ ᠨᠢᠭᠡᠳᠦᠯᠲᠡᠶ ᠲᠥᠯᠥᠪᠵᠢᠭᠦᠯᠦᠨ ᠰᠢᠶᠳᠪᠦᠷᠢᠯᠡᠵᠦ᠂ ᠨᠠᠩ ᠲᠠᠭᠠᠯᠠᠮᠵᠢᠲᠠᠶ ᠳᠥᠭᠦᠮ ᠲᠦᠷᠬᠡᠨ ᠬᠡᠷᠡᠭᠯᠡᠭᠡᠨ ᠤ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ ᠬᠡᠵᠤ ᠴᠢᠬᠤᠯᠠᠴᠢᠯᠠᠪᠠ᠃      ᠲᠤᠭᠤᠷᠢᠭ ᠤᠨ ᠤᠳᠤᠷᠢᠳᠤᠯᠭ᠎ᠠ ᠸᠧᠨ ᠵᠧᠨ ᠵᠢᠴᠢ ᠰᠣᠶᠣᠯ ᠵᠢᠭᠤᠯᠴᠢᠯᠠᠯ᠂ ᠬᠤᠳᠠᠯᠳᠤᠭᠠᠨ ᠤ ᠶᠠᠪᠤᠳᠠᠯ᠂ ᠪᠠᠴᠢᠮ ᠪᠠᠶᠢᠳᠠᠯ ᠢ ᠠᠷᠭᠠᠴᠠᠭᠠᠬᠤ ᠵᠡᠷᠭᠡ ᠨᠢᠭᠡᠴᠢ ᠶᠢᠨ ᠭᠤᠤᠯ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ︵ᠢᠷᠡᠯᠲᠡ᠄ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号