ᠡᠳᠦᠷ ᠲᠤᠲᠤᠮ ᠤᠨ ᠠᠮᠢᠳᠦᠷᠠᠯ ᠲᠤᠮᠳᠠ ᠪᠠᠨ ︽ᠭᠤᠷᠪᠠ ᠶᠢ ᠴᠡᠪᠡᠷᠯᠡᠬᠦ ᠭᠤᠷᠪᠠ ᠶᠢ ᠬᠠᠭᠠᠬᠤ︾ ᠶᠢ ᠰᠠᠶᠢᠲᠤᠷ ᠬᠢᠬᠦ ᠬᠡᠷᠡᠭᠲᠡᠶ
ᠨᠡᠶᠢᠲᠡᠯᠡᠭᠰᠡᠨ ᠴᠠᠭ᠄
2025/2/18
   1. ᠲᠣᠭᠤᠭᠠᠨ ᠭᠡᠷ ᠢᠶᠠᠨ ᠴᠡᠪᠡᠷᠯᠡᠬᠦ     ᠲᠣᠭᠤᠭᠠᠨ ᠭᠡᠷ ᠪᠣᠯ ᠭᠡᠷ ᠪᠦᠯᠢ ᠶᠢᠨ ᠬᠠᠮᠤᠭ ᠤᠨ ᠤᠯᠠᠨ ᠲᠠᠪᠳᠠᠮᠵᠢ ᠲᠠᠢ ᠭᠠᠯ ᠬᠡᠷᠡᠭᠯᠡᠳᠡᠭ ᠭᠠᠵᠠᠷ    ᠪᠣᠯᠤᠨ᠎ᠠ᠂ ᠲᠣᠭᠤᠭᠠᠨ ᠭᠡᠷ ᠢ ᠴᠡᠪᠡᠷᠯᠡᠬᠦ ᠶᠢᠨ ᠭᠤᠣᠯᠳᠠᠯᠭ᠎ᠠ ᠨᠢ ᠲᠤᠰᠤ᠂ ᠴᠠᠭᠠᠰᠤ᠂ ᠪᠦᠰ ᠵᠡᠷᠭᠡ ᠰᠢᠲᠠᠮᠠᠬᠠᠢ ᠪᠣᠳᠠᠰ ᠢ ᠵᠤᠤᠬ᠎ᠠ ᠠᠴᠠ ᠬᠤᠯᠠ ᠵᠠᠶᠢᠳᠠᠭᠤᠯᠬᠤ ᠵᠡᠷᠭᠡ ᠪᠣᠯᠤᠨ᠎ᠠ᠃ ᠡᠭᠦᠨ ᠤ ᠳᠠᠭᠠᠤ ᠲᠣᠭᠲᠠᠭᠰᠠᠨ ᠬᠤᠭᠤᠴᠠᠭ᠎ᠠ ᠲᠠᠢ ᠪᠠᠷ ᠲᠤᠰᠤ ᠤᠲᠤᠭ᠎ᠠ ᠶᠢ ᠰᠣᠷᠣᠬᠤ ᠮᠠᠰᠢᠨ᠂ ᠰᠢᠲᠠᠮᠠᠬᠠᠶ ᠬᠡᠢ ᠶᠢᠨ ᠵᠤᠤᠬ᠎ᠠ ᠪᠠᠨ ᠴᠡᠪᠡᠷᠯᠡᠬᠦ ᠬᠡᠷᠡᠭᠲᠡᠶ᠃    2. ᠨᠠᠷᠠᠪᠴᠢ ᠪᠠᠨ ᠴᠡᠪᠡᠷᠯᠡᠬᠦ    ᠨᠠᠷᠠᠪᠴᠢᠨ ᠳᠡᠭᠡᠷᠡᠬᠢ ᠡᠯᠳᠡᠪ ᠡᠳ᠋ ᠪᠤᠳᠠᠰ᠂ ᠢᠯᠠᠩᠭᠤᠶ᠎ᠠ ᠴᠠᠭᠠᠰᠤᠨ ᠬᠠᠶᠢᠷᠴᠠᠭ᠂ ᠬᠠᠳᠠᠭᠤ ᠴᠠᠭᠠᠰᠤ᠂ ᠰᠦᠯᠢᠶᠣᠣ ᠵᠡᠷᠭᠡ ᠨᠣᠴᠣᠮᠠᠲᠠᠭᠠᠶ ᠡᠳ᠋ ᠢ ᠴᠠᠭ ᠲᠤᠬᠠᠶ ᠳᠤᠨᠢ ᠴᠡᠪᠡᠷᠯᠡᠬᠦ ᠬᠡᠷᠡᠭᠲᠡᠶ᠃ ᠬᠡᠷ ᠢᠶᠠᠨ ᠤᠨᠢᠰᠤᠯᠠᠵᠤ ᠤᠷᠲᠤ ᠬᠤᠭᠤᠴᠠᠭ᠎ᠠ ᠪᠠᠷ ᠭᠠᠳᠠᠭᠰᠢ ᠭᠠᠷᠪᠠᠯ᠂ ᠡᠭᠦᠳᠡ ᠴᠣᠩᠬᠤ ᠪᠠᠨ ᠬᠠᠭᠠᠵᠤ᠂ ᠭᠠᠯ ᠤᠨ ᠤᠴᠢ ᠭᠡᠷ ᠲᠤ ᠣᠷᠣᠵᠤ ᠢᠷᠡᠬᠡᠳ ᠭᠠᠯ ᠤᠨ ᠠᠶᠤᠯ ᠭᠠᠷᠬᠤ ᠠᠴᠠ ᠰᠡᠷᠭᠡᠶᠢᠯᠡᠬᠦ ᠬᠡᠷᠡᠭᠳᠡᠢ᠃    3. ᠠᠰᠠᠷ ᠤᠨ ᠬᠤᠩᠭᠢᠯ ᠢᠶᠠᠨ ᠴᠡᠪᠡᠷᠯᠡᠬᠦ     ᠪᠢᠲᠡᠭᠡᠶ ᠠᠰᠠᠷ ᠤᠨ ᠬᠤᠩᠬᠢᠯ᠂ ᠠᠰᠠᠷ ᠤᠨ ᠱᠠᠲᠤᠨ ᠤ ᠥᠨᠴᠥᠭ᠂ ᠭᠠᠵᠠᠷ ᠳᠤᠤᠷᠠᠬᠢ ᠭᠡᠷ ᠵᠡᠷᠭᠡ       ᠭᠠᠵᠠᠷ ᠲᠤ ᠡᠯᠳᠡᠪ ᠶᠠᠭᠤᠮ᠎ᠠ ᠣᠪᠣᠭᠠᠯᠠᠭᠠᠷᠠᠢ︔ ᠴᠠᠬᠢᠯᠭᠠᠨ ᠬᠥᠳᠡᠯᠭᠡᠭᠦᠷᠲᠦ ᠲᠤᠭᠤᠢ ᠲᠡᠷᠭᠡ ᠶᠢ ᠠᠰᠠᠷ ᠤᠨ    ᠱᠠᠲᠤ᠂ ᠵᠠᠶᠢᠯᠠᠭᠤᠯᠤᠨ ᠲᠠᠷᠬᠠᠭᠠᠬᠤ ᠵᠠᠮ᠂ ᠠᠮᠤᠷ ᠲᠦᠪᠰᠢᠨ ᠤ ᠭᠠᠷᠬᠤ ᠡᠭᠦᠳᠡᠨ ᠳᠤ ᠴᠠᠬᠢᠯᠭᠠᠨ ᠴᠡᠨᠡᠭᠯᠡᠵᠦ ᠪᠣᠯᠬᠤ ᠥᠬᠡᠶ᠂ ᠴᠠᠬᠢᠯᠭᠠᠨ ᠴᠡᠨᠡᠭᠯᠡᠬᠦ ᠴᠠᠭ ᠢ ᠬᠡᠲᠦ ᠣᠷᠳᠣ ᠪᠠᠶᠢᠯᠭᠠᠵᠤ ᠪᠣᠯᠬᠤ ᠥᠬᠡᠶ ᠪᠥᠭᠡᠳ ᠡᠷᠬᠢᠨ ᠲᠣᠭᠤᠷᠢᠨ  ᠳᠤᠨᠢ ᠰᠢᠲᠠᠮᠠᠬᠠᠶ ᠡᠳ᠋ ᠪᠣᠳᠠᠰ ᠪᠠᠶᠢᠯᠭᠠᠵᠤ ᠪᠣᠯᠬᠤ ᠥᠬᠡᠶ᠃ ᠭᠠᠯ ᠤᠨᠲᠠᠷᠠᠭᠠᠬᠤ ᠰᠠᠭᠠᠳ ᠦᠬᠡᠢ ᠨᠡᠪᠳᠡᠷᠡᠬᠦ ᠵᠠᠮ᠂ ᠠᠮᠤᠷ ᠲᠦᠪᠰᠢᠨ ᠤ ᠭᠠᠷᠬᠤ ᠡᠭᠦᠳᠡ᠂ ᠵᠠᠶᠢᠯᠠᠭᠤᠯᠤᠨ ᠲᠠᠷᠬᠠᠭᠠᠬᠤ ᠵᠠᠮ ᠤᠨ ᠰᠠᠭᠠᠳ ᠦᠭᠡᠶ ᠨᠡᠪᠲᠡᠷᠡᠬᠦ ᠶᠢ ᠪᠠᠲᠤᠯᠠᠵᠤ᠂ ᠴᠠᠬᠢᠯᠭᠠᠨ ᠤᠳᠠᠰᠤ ᠶᠢᠨ ᠬᠤᠳᠳᠤᠭ ᠪᠣᠯᠤᠨ ᠴᠠᠬᠢᠯᠭᠠᠨ ᠱᠠᠲᠤ ᠶᠢᠨ ᠬᠤᠳᠳᠤᠭ ᠳᠣᠲᠣᠷ᠎ᠠ ᠡᠯᠳᠡᠪ ᠡᠳ᠋ ᠪᠤᠳᠠᠰ ᠢ ᠣᠪᠣᠭᠠᠯᠠᠵᠤ ᠲᠠᠯᠪᠢᠬᠤ ᠦᠭᠡᠶ ᠪᠠᠶᠢᠬᠤ ᠬᠡᠷᠡᠭᠲᠡᠶ᠃     4.ᠰᠢᠲᠠᠮᠠᠬᠠᠶ ᠬᠡᠶ ᠬᠡᠷᠡᠭᠯᠡᠬᠦ ᠨᠡᠬᠡᠯᠬᠡᠢ ᠶᠢ ᠬᠠᠭᠠᠬᠤ᠃ ᠰᠢᠲᠠᠮᠠᠬᠠᠶ ᠬᠡᠶ ᠬᠡᠷᠡᠭᠯᠡᠭᠰᠡᠨ ᠤ ᠳᠠᠷᠠᠭ᠎ᠠ ᠰᠢᠲᠠᠮᠠᠬᠠᠶ ᠬᠡᠶ ᠶᠢᠨ ᠨᠡᠬᠡᠯᠬᠡᠢ ᠶᠢ ᠴᠠᠭ ᠲᠤᠬᠠᠶ ᠳᠤᠨᠢ ᠬᠠᠭᠠᠵᠤ᠂ ᠰᠢᠲᠠᠮᠠᠬᠠᠶ ᠬᠡᠶ ᠶᠢᠨ ᠬᠤᠭᠤᠯᠠᠶ ᠶᠢᠨ ᠵᠠᠮ ᠢ ᠳᠤᠷ᠎ᠠ ᠪᠠᠷ ᠢᠶᠠᠨ ᠬᠤᠪᠢᠷᠠᠭᠤᠯᠵᠤ ᠪᠤᠯᠬᠤ ᠥᠬᠡᠶ᠂ ᠰᠢᠲᠠᠮᠠᠬᠠᠶ ᠬᠡᠶ ᠶᠢᠨ ᠵᠥᠭᠡᠯᠡᠨ ᠬᠤᠭᠤᠯᠠᠶ ᠬᠠᠭᠤᠴᠢᠷᠠᠭᠰᠠᠨ᠂ ᠮᠤᠯᠲᠤᠷᠠᠭᠰᠠᠨ᠂ ᠬᠡᠶ ᠭᠤᠭᠤᠵᠢᠭᠰᠠᠨ ᠵᠡᠷᠭᠡ ᠬᠡᠷ ᠪᠦᠯᠢ ᠶᠢᠨ ᠭᠠᠯ ᠤᠨ ᠠᠶᠤᠯ ᠤᠨ ᠬᠡᠮ ᠰᠤᠭᠤᠭ ᠪᠠᠶᠢᠬᠤ ᠡᠰᠡᠬᠦ ᠶᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ ᠬᠡᠷᠡᠭᠲᠡᠶ᠃     5. ᠴᠠᠬᠢᠯᠭᠠᠨ ᠡᠭᠦᠰᠭᠡᠭᠴᠢ ᠶᠢ ᠬᠠᠭᠠᠬᠤ᠃ ᠡᠯ᠎ᠡ ᠵᠦᠢᠯ ᠤᠨ ᠭᠡᠷ ᠤᠨ ᠴᠠᠬᠢᠯᠭᠠᠨ ᠬᠡᠷᠡᠭᠰᠡᠯ ᠨᠢ ᠰᠠᠭᠤᠭᠠᠯᠢ ᠠᠷᠠᠳ ᠲᠤ ᠳᠥᠭᠦᠮ ᠦᠵᠡᠭᠦᠯᠬᠦ ᠶᠢᠨ ᠬᠠᠮᠲᠤ ᠪᠠᠰᠠ ᠵᠣᠬᠢᠬᠤ ᠬᠡᠮᠵᠢᠶᠡᠨ ᠤ ᠭᠡᠮ ᠰᠤᠭᠤᠭ ᠣᠷᠣᠰᠢᠵᠤ ᠪᠠᠶᠢᠳᠠᠭ᠂ ᠰᠠᠭᠤᠭᠠᠯᠢ ᠠᠷᠠᠳ ᠡᠷᠬᠡᠪᠰᠢ ᠴᠠᠬᠢᠯᠭᠠᠨ ᠬᠡᠷᠡᠭᠰᠡᠯ ᠢ ᠬᠡᠷᠡᠭᠯᠡᠬᠦ ᠴᠠᠭ ᠪᠠ ᠠᠷᠭ᠎ᠠ ᠶᠢ ᠠᠩᠬᠠᠷᠴᠤ᠂ ᠬᠡᠷᠡᠭᠯᠡᠬᠦ ᠦᠭᠡᠢ ᠪᠣᠯ ᠳᠠᠷᠦ᠋ᠢᠬᠠᠨ ᠴᠠᠬᠢᠯᠭᠠᠨ ᠡᠭᠦᠰᠭᠡᠭᠴᠢ ᠶᠢ ᠨᠢ ᠰᠠᠯᠭᠠᠵᠤ ᠬᠠᠶᠠᠬᠤ ᠬᠡᠷᠡᠭᠲᠡᠢ᠃      6. ᠭᠠᠯ ᠤᠨ ᠡᠬᠢ ᠶᠢ ᠬᠠᠭᠠᠬᠤ᠃ ᠤᠷᠤ ᠳᠡᠭᠡᠷ᠎ᠡ ᠪᠠᠨ ᠬᠡᠪᠲᠡᠬᠦ ᠪᠤᠶᠤ ᠱᠠᠹᠠ ᠳᠡᠭᠡᠷ᠎ᠡ ᠬᠡᠪᠲᠡᠵᠦ ᠲᠠᠮᠠᠬᠢ ᠲᠠᠲᠠᠬᠤ ᠦᠭᠡᠢ᠂ ᠨᠤᠴᠤᠭᠠᠭᠤᠷ ᠵᠡᠷᠭᠡ ᠶᠢ ᠬᠡᠦᠬᠡᠳ ᠤᠨ ᠬᠦᠷᠦᠯᠴᠡᠵᠦ ᠳᠡᠶᠢᠯᠬᠦ ᠦᠭᠡᠢ ᠭᠠᠵᠠᠷ ᠲᠤ ᠲᠠᠯᠪᠢᠵᠤ᠂ ᠰᠫᠢᠷᠲ ᠵᠤᠤᠬ᠎ᠠ ᠵᠡᠷᠭᠡ ᠢᠯᠡ ᠭᠠᠯ ᠢ ᠬᠡᠷᠡᠭᠯᠡᠵᠦ ᠪᠠᠷᠠᠮᠠᠭᠴᠠ ᠳᠠᠷᠤᠢ ᠬᠠᠭᠠᠬᠤ ᠬᠡᠷᠡᠭᠳᠡᠢ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号